ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠵᠠᠰᠠᠭ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶᠢ ᠬᠠᠮᠲᠤ᠎ᠪᠠᠷ ᠠᠬᠢᠭᠤᠯᠬᠤ ᠤᠰᠤᠲᠦᠷᠦᠭᠴᠢ ᠡᠨᠧᠷᠭᠢ᠎ᠶᠢᠨ ᠬᠥᠭᠵᠢᠯᠲᠡ᠎ᠶᠢ ᠭᠦᠨᠵᠡᠭᠡᠢᠷᠡᠭᠦᠯᠦᠶ᠎ᠡ ᠵᠠᠩ ᠢᠦᠢ ᠪᠦᠯᠬᠦᠮ ᠳᠠᠭᠠᠭᠤᠯᠤᠨ ᠰᠦᠵᠧᠦ᠎ᠶᠢᠨ ᠠᠳᠢᠰ᠎ᠲᠤ ᠬᠦᠷᠴᠦ ᠱᠢᠨᠵᠢᠯᠡᠨ ᠪᠠᠢᠴᠠᠭᠠᠪᠠ

ᠨᠡᠶ᠋ᠢᠲᠡᠯᠡᠭᠰᠡᠨ ᠴᠠᠭ᠄   2026-03-16

3 ᠰᠠᠷ᠎ᠠ᠎ᠶᠢᠨ 13᠎ᠤ ᠡᠳᠦᠷ ᠂ ᠳ᠋ᠧᠩᠺᠧᠦ ᠱᠢᠶᠠᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠂ ᠵᠠᠰᠠᠭ᠎ᠤᠨ ᠣᠷᠳᠣᠨ᠎ᠤ ᠱᠢᠶᠠᠨ᠎ᠤ ᠳᠠᠷᠤᠭ᠎ᠠ ᠵᠠᠩ ᠢᠦᠢ ᠪᠦᠯᠬᠦᠮ ᠳᠠᠭᠠᠭᠤᠯᠤᠨ ᠰᠦᠵᠧᠦ᠎ᠶᠢᠨ ᠠᠳᠢᠰ ᠶᠠᠩ ᠭᠤᠸᠠᠩ ᠴᠠᠬᠢᠯᠭᠠᠨ ᠬᠦᠴᠦᠨ᠎ᠦ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠳᠤ ᠬᠦᠷᠴᠦ᠍ ᠱᠢᠨᠵᠢᠯᠡᠨ ᠪᠠᠢᠴᠠᠭᠠᠵᠤ ᠂ ᠬᠣᠶᠠᠷ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ ᠂ ᠤᠰᠤᠲᠦᠷᠦᠭᠴᠢ ᠡᠨᠧᠷᠭᠢ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠪᠠ ᠃

ᠱᠢᠨᠵᠢᠯᠡᠨ ᠪᠠᠢᠴᠠᠭᠠᠬᠤ ᠳᠤᠭᠤᠢᠯᠠᠩ ᠠᠳᠢᠰ ᠎ᠤᠨ ᠡᠨᠧᠷᠭᠢ ᠬᠠᠳᠠᠭᠠᠯᠠᠬᠤ ᠰᠢᠰᠲᠧᠮ ᠎ᠤᠨ ᠦᠢᠯᠡᠳᠪᠦᠷᠢᠯᠡᠯ᠎ᠦᠨ ᠲᠠᠰᠤᠭ᠎ᠲᠤ ᠭᠦᠨᠵᠡᠭᠡᠢᠷᠡᠵᠦ ᠂ ᠡᠨᠧᠷᠭᠢ ᠬᠠᠳᠠᠭᠠᠯᠠᠬᠤ ᠰᠢᠰᠲᠧᠮ ᠎ᠤᠨ ᠤᠭᠰᠠᠷᠠᠬᠤ ᠪᠦᠬᠦ ᠶᠠᠪᠤᠴᠠ᠎ᠶᠢ ᠲᠤᠬᠠᠢ᠎ᠶᠢᠨ ᠭᠠᠵᠠᠷ᠎ᠲᠤᠨᠢ ᠲᠣᠭᠣᠷᠢᠨ ᠦᠵᠡᠪᠡ ᠃ ᠱᠢᠨᠵᠢᠯᠡᠨ ᠪᠠᠢᠴᠠᠭᠠᠬᠤ ᠳᠤᠭᠤᠢᠯᠠᠩ᠎ᠤᠨ᠎ᠬᠢᠨ ᠠᠵᠤ ᠠᠬᠤᠢᠯᠠᠯ᠎ᠤᠨ ᠴᠠᠬᠢᠯᠭᠠᠨ ᠬᠦᠴᠦᠨ᠎ᠦ ᠭᠣᠣᠯ᠎ᠢᠶᠠᠷ ᠱᠢᠭᠱᠢᠨ ᠰᠣᠩᠭᠣᠬᠤ ᠂ ᠵᠠᠭᠪᠤᠷ ᠳᠤᠭᠤᠢᠯᠠᠩ ᠪᠠᠢᠭᠤᠯᠵᠤ ᠤᠭᠰᠠᠷᠠᠬᠤ ᠂ ᠰᠢᠰᠲᠧᠮ ᠎ᠤᠨ ᠴᠤᠭᠯᠠᠷᠠᠯ ᠵᠡᠷᠭᠡ ᠭᠣᠭᠴᠣᠭ᠎ᠠ᠎ᠳᠠᠬᠢ ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠵᠢᠴᠢ AI ᠬᠠᠷᠠᠭᠠᠨ ᠰᠡᠷᠡᠯ᠎ᠢ ᠢᠯᠭᠠᠨ ᠲᠠᠨᠢᠬᠤ ᠂ ᠪᠣᠳᠠᠰᠯᠢᠭ ᠰᠦᠯᠵᠢᠶᠡᠨ᠎ᠦ ᠮᠡᠷᠭᠡᠵᠢᠯ᠎ᠢᠶᠡᠷ ᠳᠠᠮᠵᠢᠭᠤᠯᠤᠨ ᠦᠢᠯᠡᠳᠬᠦᠨ᠎ᠦ ᠶᠠᠰᠤ ᠴᠢᠨᠠᠷ᠎ᠢ ᠴᠠᠭ ᠲᠤᠬᠠᠢ᠎ᠳᠤᠨᠢ ᠨᠡᠬᠡᠮᠵᠢᠯᠡᠬᠦ ᠪᠠ ᠰᠦᠯᠵᠢᠶᠡᠨ ᠳᠡᠭᠡᠷᠡᠬᠢ ᠠᠮᠤᠷ ᠲᠦᠪᠱᠢᠨ ᠲᠣᠭᠲᠠᠭᠤᠨ᠎ᠤ ᠱᠢᠯᠭᠠᠯᠲᠠ ᠵᠡᠷᠭᠡ ᠲᠡᠷᠢᠭᠦᠨ᠎ᠦ ᠤᠷ᠎ᠠ ᠮᠡᠷᠭᠡᠵᠢᠯ᠎ᠢ ᠪᠡᠶᠡᠯᠡᠭᠦᠯᠦᠭᠰᠡᠨ ᠪᠠᠢᠳᠠᠯ᠎ᠢ ᠨᠠᠷᠢᠨ ᠣᠢᠯᠠᠭᠠᠪᠠ ᠃

ᠳᠠᠷᠠᠭᠠᠴᠢ᠎ᠶᠢᠨ ᠶᠠᠷᠢᠯᠴᠠᠬᠤ ᠬᠤᠷᠠᠯ ᠳᠡᠭᠡᠷ᠎ᠡ ᠂ ᠠᠳᠢᠰ ᠶᠠᠩ ᠭᠤᠸᠠᠩ ᠴᠠᠬᠢᠯᠭᠠᠨ ᠬᠦᠴᠦᠨ᠎ᠦ ᠪᠦᠯᠦᠭᠯᠡᠯ᠎ᠦᠨ ᠳᠡᠳ᠋ ᠶᠡᠷᠦᠩᠬᠡᠢ ᠵᠠᠬᠢᠷᠤᠭᠴᠢ ᠸᠠᠩ ᠬᠣᠩ ᠶᠤᠸᠠᠨ ᠺᠣᠮᠫᠠᠨᠢ᠎ᠶᠢᠨ ᠦᠢᠯᠡᠳᠬᠦᠨ᠎ᠦ ᠰᠢᠰᠲᠧᠮ ᠂ ᠮᠡᠷᠭᠡᠵᠢᠯ᠎ᠦᠨ ᠰᠤᠳᠤᠯᠤᠨ ᠨᠡᠭᠡᠭᠡᠯᠲᠡ ᠂ ᠲᠥᠷᠥᠯ ᠵᠦᠢᠯ᠎ᠦᠨ ᠪᠠᠢᠷᠢᠯᠠᠭᠤᠯᠤᠯᠲᠠ ᠵᠢᠴᠢ ᠵᠠᠬ᠎ᠠ ᠳᠡᠯᠭᠡᠭᠦᠷ᠎ᠦᠨ ᠪᠣᠷᠣᠯᠠᠭᠤᠯᠭ᠎ᠠ᠎ᠶᠢᠨ ᠪᠠᠢᠳᠠᠯ᠎ᠢ ᠨᠠᠷᠢᠨ ᠲᠠᠨᠢᠯᠴᠠᠭᠤᠯᠪᠠ ᠃ ᠵᠠᠩ ᠢᠦᠢ ᠳ᠋ᠧᠩᠺᠧᠦ ᠱᠢᠶᠠᠨ᠎ᠤ ᠱᠢᠨ᠎ᠡ ᠡᠨᠧᠷᠭᠢ ᠂ ᠱᠢᠨ᠎ᠡ ᠮᠠᠲᠧᠷᠢᠶᠠᠯ ᠵᠢᠴᠢ ᠤᠰᠤᠲᠦᠷᠦᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶ᠋ᠢᠨ ᠪᠠᠶ᠋ᠢᠳᠠᠯ ᠎ᠢ ᠲᠠᠨᠢᠯᠴᠠᠭᠤᠯᠵᠤ ᠂ ᠠᠳᠢᠰ ᠎ᠤᠨ ᠳ᠋ᠧᠩᠺᠧᠦ ᠱᠢᠶᠠᠨ᠎ᠳᠤ ᠪᠡᠯᠡ ᠣᠷᠣᠭᠤᠯᠤᠨ ᠪᠦᠲᠦᠭᠡᠨ ᠪᠠᠢᠭᠤᠯᠤᠭᠰᠠᠨ ᠥᠩᠭᠡ ᠦᠵᠡᠮᠵᠢ ᠤᠰᠤᠲᠦᠷᠦᠭᠴᠢ ᠦᠢᠯᠡᠳᠬᠦ᠎ᠶ᠋ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠎ᠦᠨ ᠪᠠᠢᠳᠠᠯ᠎ᠤᠨ ᠲᠠᠨᠢᠯᠴᠠᠭᠤᠯᠭ᠎ᠠ᠎ᠶᠢ ᠨᠠᠷᠢᠨ ᠬᠢᠨᠠᠮᠠᠭᠠᠢ ᠰᠣᠨᠣᠰᠴᠤ ᠂ ᠡᠮᠦᠨᠡᠬᠢ ᠬᠤᠭᠤᠴᠠᠭᠠᠨ ᠎ᠤ ᠭᠠᠷ ᠭᠦᠢᠴᠡᠳᠬᠡᠯ᠎ᠢ ᠭᠦᠢᠴᠡᠳᠬᠡᠭᠰᠡᠨ ᠵᠢᠴᠢ ᠬᠣᠯᠪᠣᠭᠳᠠᠯ ᠪᠦᠬᠦᠢ ᠠᠵᠢᠯ᠎ᠤᠨ ᠠᠬᠢᠴᠠ᠎ᠶᠢᠨ ᠪᠠᠢᠳᠠᠯ᠎ᠢ ᠨᠠᠷᠢᠨ ᠣᠢᠯᠠᠭᠠᠪᠠ ᠃ ᠬᠣᠶᠠᠷ ᠲᠠᠯ᠎ᠠ᠎ᠪᠠᠷ᠎ᠢᠶᠠᠨ ᠲᠥᠷᠥᠯ ᠵᠦᠢᠯ᠎ᠦᠨ ᠶᠠᠪᠤᠴᠠ᠎ᠶᠢ ᠠᠬᠢᠭᠤᠯᠬᠤ ᠂ ᠣᠳᠣᠬᠠᠨ᠎ᠤ ᠬᠦᠴᠢᠷ ᠠᠰᠠᠭᠤᠳᠠᠯ ᠲᠦᠭᠵᠢᠷᠡᠯ ᠂ ᠤᠰᠤᠲᠦᠷᠦᠭᠴᠢ ᠦᠢᠯᠡᠳᠬᠦ ᠲᠥᠷᠥ᠎ᠶᠢᠨ ᠪᠣᠳᠣᠯᠭ᠎ᠠ᠎ᠶᠢᠨ ᠬᠤᠪᠢᠷᠠᠯᠲᠠ ᠵᠢᠴᠢ ᠢᠷᠡᠭᠡᠳᠦᠢ᠎ᠶᠢᠨ ᠲᠣᠨᠣᠭᠯᠠᠯ ᠦᠢᠯᠡᠳᠬᠦ ᠬᠠᠮᠲᠤᠷᠠᠯᠴᠠᠭ᠎ᠠ ᠵᠡᠷᠭᠡ ᠠᠭᠤᠯᠭ᠎ᠠ᠎ᠶᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ ᠃

ᠵᠠᠩ ᠢᠦᠢ ᠂ ᠳ᠋ᠧᠩᠺᠸᠤ ᠰᠢᠶᠠᠨ ᠠᠵᠤ ᠠᠬᠤᠶ᠋ᠢᠯᠠᠯ᠎ᠤᠨ ᠳ᠋ᠧᠩᠺᠸᠡᠭ᠎ᠳᠤ ᠬᠥᠭᠵᠢᠯᠲᠡ᠎ᠶ᠋ᠢ ᠪᠦᠬᠦ ᠬᠦᠴᠦᠨ᠎ᠢᠶᠠᠷ᠎ᠢᠶᠠᠨ ᠳᠡᠮᠵᠢᠵᠦ᠍ ᠂ ᠰᠠᠨᠠᠭᠠᠴᠢᠯᠠᠭ᠎ᠠ᠎ᠠᠴᠠ᠎ᠪᠠᠨ ᠡᠮᠦᠨ᠎ᠡ᠎ᠨᠢ ᠦᠢᠯᠡᠴᠢᠯᠡᠵᠦ᠍ ᠂ ᠬᠦᠴᠢᠷᠳᠡᠯ ᠠᠰᠠᠭᠤᠳᠠᠯ᠎ᠢ ᠨᠡᠪᠲᠡᠷᠡᠭᠦᠯᠵᠦ᠍ ᠂ ᠬᠦᠴᠦᠨ ᠵᠦᠢᠯ᠎ᠤᠨ ᠪᠠᠲᠤᠯᠠᠭ᠎ᠠ᠎ᠶ᠋ᠢ ᠴᠢᠩᠭᠠᠳᠭᠠᠵᠤ ᠂ ᠠᠵᠤ ᠠᠬᠤᠶ᠋ᠢᠯᠠᠯ᠎ᠤᠨ ᠲᠦᠷᠦᠯ ᠵᠦᠢᠯ᠎ᠢ ᠡᠷᠲᠡ ᠠᠵᠢᠯ ᠡᠬᠢᠯᠡᠭᠦᠯᠬᠦ ᠂ ᠡᠷᠲᠡ ᠠᠰᠢᠭᠯᠠᠯᠲᠠ᠎ᠳᠤ ᠣᠷᠤᠭᠤᠯᠬᠤ ᠂ ᠡᠷᠲᠡ ᠦᠷ᠎ᠡ ᠪᠦᠲᠦᠮᠵᠢ ᠤᠯᠬᠤ᠎ᠶ᠋ᠢ ᠪᠦᠬᠦ ᠬᠦᠴᠦᠨ᠎ᠢᠶᠠᠷ᠎ᠢᠶᠠᠨ ᠠᠬᠢᠭᠤᠯᠵᠤ ᠂ ᠳ᠋ᠧᠩᠺᠸᠤ ᠰᠢᠶᠠᠨ᠎ᠤ ᠥᠩᠭᠡ ᠦᠵᠡᠮᠵᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠬᠠᠮᠲᠤᠪᠠᠷ ᠴᠢᠨᠠᠷ ᠰᠠᠶ᠋ᠢᠲᠠᠢ ᠬᠥᠭᠵᠢᠯᠲᠡ᠎ᠶ᠋ᠢᠨ ᠳᠠᠪᠠᠭᠤᠯᠢᠭ  ᠪᠣᠯᠭᠠᠨ ᠬᠤᠪᠢᠷᠠᠭᠤᠯᠤᠨ᠎ᠠ ᠃

ᠱᠢᠶᠠᠨ᠎ᠤ ᠤᠳᠤᠷᠢᠳᠤᠯᠭ᠎ᠠ ᠬᠤ᠌ ᠱᠢᠦᠸᠡᠢ ᠴᠤᠤ ᠂ ᠸᠠᠩ ᠵᠢᠶᠦᠨ ᠪᠠᠷ᠎ᠠ ᠪᠣᠯᠪᠠ ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ