ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠵᠠᠩ ᠢᠦᠢ ᠪᠥᠬᠦ᠌ ᠰᠢᠶᠠᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭᠠᠬᠤ ᠠᠵᠢᠯ᠎ᠢ ᠪᠠᠶ᠋ᠢᠴᠠᠭᠠᠨ ᠰᠤᠳᠤᠯᠪᠠ

ᠨᠡᠶ᠋ᠢᠲᠡᠯᠡᠭᠰᠡᠨ ᠴᠠᠭ᠄   2026-03-31

3 ᠰᠠᠷ᠎ᠠ᠎ᠶ᠋ᠢᠨ 30᠎ᠤ ᠡᠳᠦᠷ ᠂ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ ᠂ ᠵᠠᠰᠠᠭ᠎ᠤᠨ ᠣᠷᠳᠤᠨ᠎ᠤ ᠰᠢᠶᠠᠨ᠎ᠤ ᠳᠠᠷᠤᠭ᠎ᠠ ᠵᠠᠩ ᠢᠦᠢ ᠮᠠᠨ᠎ᠤ ᠰᠢᠶᠠᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭᠠᠬᠤ ᠠᠵᠢᠯ᠎ᠤᠨ ᠪᠠᠶ᠋ᠢᠳᠠᠯ᠎ᠳᠤ ᠪᠠᠶ᠋ᠢᠴᠠᠭᠠᠨ ᠰᠤᠳᠤᠯᠤᠯᠲᠠ ᠬᠢᠪᠡ ᠃

ᠵᠠᠩ ᠢᠦᠢ᠎ᠨᠡᠷ ᠤᠷᠢᠳ ᠬᠣᠵᠢᠳ ᠡᠯᠡᠰᠦᠷᠬᠡᠭᠵᠢᠯ᠎ᠢ ᠰᠡᠷᠭᠡᠢᠯᠡᠬᠦ ᠣᠢ ᠱᠢᠭᠤᠢ᠎ᠶᠢᠨ ᠦᠢᠯᠡᠰ᠎ᠦᠨ ᠬᠠᠮᠢᠶᠠᠷᠤᠯᠲᠠ ᠬᠠᠮᠠᠭᠠᠯᠠᠯᠲᠠ᠎ᠶᠢᠨ ᠲᠥᠪ᠎ᠦᠨ ᠨᠢᠭᠡᠳᠦᠭᠡᠷ ᠠᠵᠢᠯᠯᠠᠬᠤ ᠲᠣᠭᠣᠷᠢᠭ ᠂ ᠭᠤᠷᠪᠠᠳᠤᠭᠠᠷ ᠭᠠᠯ ᠰᠡᠷᠭᠡᠢᠯᠡᠬᠦ ᠵᠠᠮ᠎ᠤᠨ ᠪᠠᠢᠴᠠᠭᠠᠬᠤ ᠥᠷᠲᠡᠭᠡ ᠂ 《 ᠡᠯ ᠱᠠᠨ 》 ᠰᠠᠭᠤᠷᠢᠨ ᠭᠠᠵᠠᠷ᠎ᠤᠨ ᠭᠠᠯ ᠰᠡᠷᠭᠡᠢᠯᠡᠬᠦ ᠬᠠᠷᠠᠭᠤᠯ᠎ᠤᠨ ᠭᠠᠵᠠᠷ ᠵᠡᠷᠭᠡ ᠭᠠᠵᠠᠷ᠎ᠲᠤ ᠬᠦᠷᠴᠦ ᠂ ᠲᠤᠬᠠᠢ᠎ᠶᠢᠨ ᠭᠠᠵᠠᠷ᠎ᠲᠤᠨᠢ ᠪᠠᠢᠴᠠᠭᠠᠨ ᠦᠵᠡᠵᠦ ᠰᠣᠯᠢᠯᠴᠠᠬᠤ ᠂ ᠬᠠᠷᠢᠭᠤ ᠮᠡᠳᠡᠭᠦᠯᠦᠯᠲᠡ᠎ᠶᠢ ᠰᠣᠨᠣᠰᠬᠤ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ ᠂ ᠣᠳᠣᠬᠠᠨ᠎ᠤ ᠪᠥᠬᠥ ᠱᠢᠶᠠᠨ᠎ᠤ ᠣᠢ ᠱᠢᠭᠤᠢ᠎ᠶᠢᠨ ᠭᠠᠯ ᠰᠡᠷᠭᠡᠢᠯᠡᠨ ᠤᠨᠲᠠᠷᠠᠭᠠᠬᠤ ᠲᠣᠣᠷᠵᠢᠭᠤᠯᠤᠭᠰᠠᠨ ᠬᠠᠮᠢᠶᠠᠷᠤᠯᠲᠠ ᠂ ᠣᠢ ᠱᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ ᠂ ᠨᠠᠢ ᠯᠦᠨ ᠬᠤ᠌ ᠨᠠᠭᠤᠷ᠎ᠤᠨ ᠬᠣᠶᠠᠷ ᠬᠠᠵᠠᠭᠤ᠎ᠶᠢᠨ ᠣᠢ ᠱᠢᠭᠤᠢ᠎ᠶᠢᠨ ᠡᠪᠡᠰᠦᠲᠦ ᠭᠠᠵᠠᠷ᠎ᠢ ᠴᠡᠪᠡᠷᠯᠡᠬᠦ ᠪᠠ ᠱᠢᠲᠠᠭᠠᠬᠤ᠎ᠶᠢ ᠠᠷᠢᠯᠭᠠᠬᠤ ᠵᠡᠷᠭᠡ ᠠᠵᠢᠯ᠎ᠤᠨ ᠪᠠᠢᠳᠠᠯ᠎ᠢ ᠨᠠᠷᠢᠨ ᠣᠢᠯᠠᠭᠠᠪᠠ ᠃ ᠵᠠᠩ ᠢᠦᠢ ᠵᠢᠭᠠᠵᠤ ᠭᠠᠷᠭᠠᠭᠰᠠᠨ᠎ᠨᠢ ᠂ ᠣᠢ ᠱᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ ᠠᠵᠢᠯ᠎ᠨᠢ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠱᠢᠨ ᠪᠠ ᠠᠮᠢ ᠠᠬᠤᠢ᠎ᠶᠢᠨ ᠠᠮᠤᠷ ᠲᠦᠪᠱᠢᠨ᠎ᠳᠦ ᠬᠣᠯᠪᠣᠭᠳᠠᠵᠤ ᠪᠠᠢᠳᠠᠭ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠱᠢᠶᠠᠨ᠎ᠤ ᠨᠠᠮ᠎ᠤᠨ ᠬᠣᠷᠢᠶᠠᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ ᠂ ᠬᠠᠷᠢᠶ᠎ᠠ ᠣᠷᠣᠨ᠎ᠤ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ ᠂ ᠡᠯ᠎ᠡ ᠵᠦᠢᠯ᠎ᠦᠨ ᠠᠵᠢᠯ᠎ᠤᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠨᠠᠷᠢᠯᠢᠭ ᠨᠠᠢᠳᠠᠪᠤᠷᠢᠵᠢᠭᠤᠯᠵᠤ ᠂ ᠪᠠᠴᠢᠮ ᠪᠠᠢᠳᠠᠯ᠎ᠢ ᠠᠷᠭᠠᠴᠠᠬᠤ ᠵᠢᠵᠢᠭᠦᠷᠯᠡᠨ ᠰᠠᠬᠢᠬᠤ ᠪᠠ ᠪᠠᠴᠢᠮ ᠪᠠᠢᠳᠠᠯ᠎ᠢ ᠠᠷᠭᠠᠴᠠᠬᠤ ᠪᠡᠯᠡᠳᠬᠡᠯ᠎ᠢ ᠰᠠᠢᠲᠤᠷ ᠬᠢᠵᠦ ᠂ ᠣᠢ ᠱᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠬᠦ ᠬᠡᠷᠡᠭᠲᠡᠢ ᠭᠡᠪᠡ ᠃ ᠬᠣᠷᠢᠭ᠎ᠠ ᠱᠤᠭᠤᠮ᠎ᠤᠨ ᠰᠡᠳᠬᠢᠬᠦᠢ᠎ᠶᠢ ᠪᠠᠲᠤ ᠪᠣᠢ ᠪᠣᠯᠭᠠᠵᠤ ᠂ ᠡᠯ᠎ᠡ ᠵᠦᠢᠯ᠎ᠦᠨ ᠠᠵᠢᠯ᠎ᠢᠶᠠᠨ ᠴᠢᠩᠭ᠎ᠠ᠎ᠠᠴᠠ ᠴᠢᠩᠭ᠎ᠠ ᠂ ᠨᠠᠷᠢᠯᠢᠭ᠎ᠠᠴᠠ ᠨᠠᠷᠢᠨ ᠰᠠᠢᠲᠤᠷ ᠠᠳᠭᠤᠵᠤ ᠂ ᠣᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠬᠠᠷᠢᠭᠤᠴᠠᠯᠭ᠎ᠠ᠎ᠶᠢ ᠬᠥᠮᠦᠨ᠎ᠳᠦ ᠡᠭᠦᠷᠭᠡᠯᠡᠭᠦᠯᠵᠦ ᠂ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠵᠤ ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ ᠂ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠡᠷᠡᠰ ᠪᠡᠶᠡᠯᠡᠭᠦᠯᠬᠦ ᠬᠡᠷᠡᠭᠲᠡᠢ ᠃ ᠵᠠᠩᠭᠢᠯᠠᠭ᠎ᠠ᠎ᠶᠢᠨ ᠴᠡᠭ ᠂ ᠭᠣᠣᠯᠳᠠᠯᠭ᠎ᠠ᠎ᠲᠠᠢ ᠣᠷᠣᠨ ᠪᠦᠰᠡ᠎ᠶᠢ ᠴᠢᠩᠭ᠎ᠠ ᠠᠩᠬᠠᠷᠴᠤ ᠂ ᠰᠡᠷᠭᠡᠢᠯᠡᠬᠦ᠎ᠪᠡᠷ ᠭᠣᠣᠯ ᠪᠣᠯᠭᠠᠬᠤ ᠂ ᠪᠣᠭᠣᠮᠲᠠ᠎ᠶᠢ ᠤᠷᠤᠭᠰᠢ ᠱᠢᠯᠵᠢᠭᠦᠯᠬᠦ ᠂ ᠬᠦᠴᠦᠨ ᠴᠢᠳᠠᠯ᠎ᠢᠶᠠᠨ ᠡᠮᠦᠨ᠎ᠡ᠎ᠨᠢ ᠱᠢᠯᠵᠢᠭᠦᠯᠬᠦ᠎ᠶᠢ ᠪᠠᠷᠢᠮᠲᠠᠯᠠᠵᠤ ᠂ 《 ᠬᠥᠮᠦᠨ᠎ᠢᠶᠡᠷ ᠰᠡᠷᠭᠡᠢᠯᠡᠬᠦ ᠮᠡᠷᠭᠡᠵᠢᠯ᠎ᠢᠶᠡᠷ ᠰᠡᠷᠭᠡᠢᠯᠡᠬᠦ ᠪᠣᠳᠠᠰ᠎ᠢᠶᠠᠷ ᠰᠡᠷᠭᠡᠢᠯᠡᠬᠦ 》 ᠠᠭᠤᠰᠤᠯᠴᠠᠭᠰᠠᠨ ᠪᠣᠰᠣᠭ᠎ᠠ ᠴᠣᠭᠴᠠᠲᠤ ᠰᠡᠷᠭᠡᠢᠯᠡᠨ ᠡᠵᠡᠮᠳᠡᠬᠦ ᠰᠢᠰᠲᠧᠮ ᠵᠢ  ᠪᠠᠢᠭᠤᠯᠵᠤ ᠂ ᠲᠣᠭᠣᠷᠢᠨ ᠪᠠᠢᠴᠠᠭᠠᠬᠤ ᠤᠳᠠᠭ᠎ᠠ᠎ᠪᠠᠨ ᠨᠢᠭᠤᠴᠠᠯᠠᠵᠤ ᠂ ᠬᠡᠭᠡᠷ᠎ᠡ ᠭᠠᠳᠠᠨᠠᠬᠢ ᠭᠠᠯ᠎ᠤᠨ ᠢᠷᠡᠯᠲᠡ᠎ᠶᠢ ᠴᠢᠩᠭ᠎ᠠ ᠬᠠᠮᠢᠶᠠᠷᠤᠨ ᠡᠵᠡᠮᠳᠡᠵᠦ ᠂ ᠲᠣᠭᠲᠠᠭᠠᠯ᠎ᠠᠴᠠ ᠵᠥᠷᠢᠴᠡᠨ ᠭᠠᠯ ᠬᠡᠷᠡᠭᠯᠡᠬᠦ  ᠦᠢᠯᠡ ᠠᠵᠢᠯᠯᠠᠭ᠎ᠠ᠎ᠶᠢ ᠴᠢᠩᠭ᠎ᠠ ᠪᠠᠢᠴᠠᠭᠠᠵᠤ ᠂ ᠣᠢ ᠱᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ ᠠᠮᠤᠷ ᠲᠦᠪᠱᠢᠨ᠎ᠦ ᠬᠠᠯᠬᠠᠪᠴᠢ᠎ᠶᠢ ᠪᠦᠬᠦ ᠲᠠᠯ᠎ᠠ᠎ᠪᠠᠷ ᠪᠡᠬᠢᠵᠢᠭᠦᠯᠦᠨ᠎ᠡ ᠃ ᠪᠠᠴᠢᠮ ᠪᠠᠢᠳᠠᠯ᠎ᠢ ᠠᠷᠭᠠᠴᠠᠨ ᠱᠢᠢᠳᠪᠦᠷᠢᠯᠡᠬᠦ ᠴᠢᠳᠠᠪᠤᠷᠢ᠎ᠪᠠᠨ ᠳᠡᠭᠡᠭᠱᠢᠯᠡᠭᠦᠯᠵᠦ ᠂ ᠰᠡᠷᠡᠮᠵᠢᠯᠡᠭᠦᠯᠦᠨ ᠬᠢᠨᠠᠨ ᠬᠡᠮᠵᠢᠬᠦ᠎ᠪᠡᠨ ᠴᠢᠩᠭᠠᠳᠭᠠᠵᠤ ᠂ ᠪᠠᠴᠢᠮ ᠪᠠᠢᠳᠠᠯ᠎ᠢ ᠠᠷᠭᠠᠴᠠᠬᠤ ᠪᠡᠯᠡᠳᠬᠡᠯ ᠲᠥᠰᠦᠯ᠎ᠢᠲᠡᠭᠦᠯ ᠳᠡᠷᠵᠢᠭᠦᠯᠵᠦ᠍ ᠂ ᠠᠵᠢᠯᠲᠠᠨ᠎ᠤ ᠬᠦᠴᠦᠨ᠎ᠢ ᠴᠢᠩᠭ᠎ᠠ ᠲᠣᠬᠢᠷᠠᠭᠤᠯᠵᠤ ᠂ ᠲᠣᠨᠣᠭᠯᠠᠯ ᠡᠳ᠋ ᠪᠣᠳᠠᠰ᠎ᠢ ᠭᠦᠢᠴᠡᠳ ᠪᠡᠯᠡᠳᠬᠡᠵᠦ ᠂ ᠪᠠᠴᠢᠮ ᠪᠠᠢᠳᠠᠯ᠎ᠢ ᠠᠷᠭᠠᠴᠠᠬᠤ ᠰᠣᠷᠢᠯᠲᠠ᠎ᠶᠢ ᠴᠢᠩᠭᠠᠳᠭᠠᠵᠤ ᠂ ᠵᠢᠵᠢᠭᠦᠷᠯᠡᠨ ᠰᠠᠬᠢᠬᠤ᠎ᠶ᠋ᠢ ᠴᠢᠩᠭᠠᠳᠭᠠᠵᠤ ᠂ ᠬᠠᠩᠱᠢ᠎ᠶᠢᠨ ᠡᠳᠦᠷ ᠵᠡᠷᠭᠡ ᠴᠢᠬᠤᠯᠠ ᠴᠠᠭ ᠬᠤᠭᠤᠴᠠᠭᠠᠨ᠎ᠤ ᠵᠠᠩᠭᠢᠯᠠᠭ᠎ᠠ᠎ᠶᠢᠨ ᠴᠡᠭ᠎ᠢ ᠎ᠠᠠᠩᠬᠠᠷᠴᠤ᠌ ᠂ ᠳᠠᠯᠳᠠ ᠭᠡᠮ᠎ᠢ ᠵᠢᠭᠰᠠᠭᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠪᠠᠶ᠋ᠢᠩᠭᠤ ᠵᠢᠭᠤᠯᠤᠨᠥᠷᠨᠢᠭᠦᠯᠵᠦ᠍ ᠂ ᠣᠢ ᠱᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠨ ᠤᠨᠲᠠᠷᠠᠭᠠᠬᠤ 《 ᠰᠠᠨᠠᠭᠠᠴᠢᠯᠠᠭᠠᠲᠤ ᠳᠠᠢᠯᠠᠯᠳᠤᠭᠠᠨ 》 ᠎ᠢᠡ ᠷᠡᠰ ᠰᠠᠢᠲᠤᠷ ᠬᠢᠵᠦ ᠂ ᠪᠥᠬᠥ ᠱᠢᠶᠠᠨ᠎ᠤ ᠴᠢᠨᠠᠷ ᠰᠠᠢᠲᠠᠢ ᠬᠥᠭᠵᠢᠯᠲᠡ᠎ᠳᠦ ᠪᠠᠲᠤ ᠪᠠᠬᠢ ᠠᠮᠤᠷ ᠲᠦᠪᠱᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠱᠢᠶᠠᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠭᠡᠱᠢᠭᠦᠨ ᠂ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠬᠠᠨ ᠷᠦᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠪᠠᠢᠴᠠᠭᠠᠨ ᠰᠤᠳᠤᠯᠤᠯᠲᠠ᠎ᠳᠤ ᠣᠷᠣᠯᠴᠠᠪᠠ ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ