ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠳ᠋ᠦ᠋ ᠺᠸᠦ ᠪᠠᠯᠭ᠋ᠠᠰᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ 《ᠲᠠᠪᠤ ᠵᠢ ᠣᠷᠣᠭᠤᠯᠬᠤ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ

ᠨᠡᠶ᠋ᠢᠲᠡᠯᠡᠭᠰᠡᠨ ᠴᠠᠭ᠄   2024-12-06

      ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠠᠷᠠᠳ ᠣᠯᠠᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠢ ᠣᠶ᠋ᠢᠯᠠᠭ᠋ᠠᠬᠤ ᠨᠣᠷᠮ᠎ᠠ ᠵᠢ ᠳᠡᠭᠡᠭᠰᠢᠯᠡᠭᠦᠯᠵᠦ᠂ ᠠᠷᠠᠳ ᠣᠯᠠᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠥᠯᠥᠭᠡ᠃ ᠣᠶ᠋ᠢᠷ᠎ᠠ᠎ᠳᠤ᠂ ᠳ᠋ᠦ᠋ ᠺᠸᠦ ᠪᠠᠯᠭ᠋ᠠᠰᠤ ᠢᠳᠡᠭᠡᠨ ᠪᠠ ᠡᠮ᠎ᠤᠨ ᠵᠦᠢ᠍ᠯ ᠎ᠤᠨ ᠠᠮᠤᠷ ᠲᠦᠪᠰᠢᠨ᠎ᠤ 《ᠲᠠᠪᠤ ᠵᠢ ᠣᠷᠣᠭᠤᠯᠬᠤ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
      ᠢᠳᠡᠭᠡᠨ᠎ᠤ ᠠᠮᠤᠷ ᠲᠦᠪᠰᠢᠨ᠎ᠢ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠨ ᠳᠠᠷᠤᠭ᠎ᠠ ᠵᠣᠣ ᠲᠢᠩ ᠴᠢ ᠬᠠᠤᠯᠢ ᠬᠡᠷᠡᠭᠵᠢᠭᠦᠯᠬᠦ ᠠᠩᠭᠢ ᠵᠢᠨ ᠠᠵᠢᠯᠲᠠᠳ᠎ᠲᠠᠢ ᠬᠠᠮᠲᠤ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠰᠤᠷᠭ᠋ᠠᠭᠤᠯᠢ᠎ᠳᠤ ᠢᠳᠡᠭᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠰᠤᠷᠭ᠋ᠠᠭᠤᠯᠢ ᠵᠢᠨ ᠬᠦᠷᠢᠶ᠎ᠡ ᠵᠢᠴᠢ ᠡᠷᠬᠢᠨ ᠲᠣᠭᠤᠷᠢᠨ᠎ᠤ ᠢᠳᠡᠭᠡᠨ᠎ᠤ ᠠᠮᠤᠷ ᠲᠦᠪᠰᠢᠨ᠎ᠤ ᠠᠭᠤᠯᠭ᠎ᠠ ᠵᠢ ᠲᠠᠶ᠋ᠢᠯᠪᠤᠷᠢᠯᠠᠨ ᠥᠭᠴᠦ᠂ ᠪᠠᠭᠰᠢ ᠰᠤᠷᠤᠭᠴᠢᠳ᠎ᠤᠨ ᠢᠳᠡᠭᠡᠨ᠎ᠤ ᠠᠮᠤᠷ ᠲᠦᠪᠰᠢᠨ᠎ᠤ ᠤᠬᠠᠮᠰᠠᠷ᠎ᠢ ᠳᠡᠭᠡᠭᠰᠢᠯᠡᠭᠦᠯᠦᠨ᠂ ᠪᠠᠭᠰᠢ ᠰᠤᠷᠤᠭᠴᠢᠳ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠢᠳᠡᠭᠡᠨ ᠤᠮᠳᠠᠭ᠋ᠠᠨ᠎ᠤ ᠰᠠᠶ᠋ᠢᠨ ᠰᠠᠶ᠋ᠢᠬᠠᠨ ᠳᠠᠳᠬᠠᠯ᠎ᠢ ᠬᠥᠮᠦᠵᠢᠭᠦᠯᠦᠨ᠎ᠡ᠃
      ᠢᠳᠡᠭᠡᠨ᠎ᠤ ᠠᠮᠤᠷ ᠲᠦᠪᠰᠢᠨ᠎ᠢ ᠠᠵᠤ ᠠᠬᠤᠶ᠋ᠢᠯᠠᠯ᠎ᠳᠤ ᠣᠷᠣᠭᠤᠯᠬᠤ ᠳᠠᠭ᠋ᠠᠳᠬᠠᠯ᠎ᠤᠨ ᠺᠠᠳ᠋ᠷ ᠠᠵᠤ ᠠᠬᠤᠶ᠋ᠢᠯᠠᠯ᠎ᠳᠤ ᠢᠳᠡᠭᠡᠨ᠎ᠤ ᠠᠮᠤᠷ ᠲᠦᠪᠰᠢᠨ᠎ᠤ 《ᠵᠢᠵᠢᠭ ᠰᠠᠵᠢᠭ ᠵᠦᠢ᠍ᠯ ᠲᠣᠮᠣ ᠠᠷᠠᠳ᠎ᠤᠨ ᠠᠮᠢᠳᠤᠷᠠᠯ》᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠵᠢᠨ ᠡᠭᠦᠷᠭᠡ ᠵᠢᠨ ᠱᠠᠭ᠋ᠠᠷᠳᠠᠯᠭ᠎ᠠ᠂ ᠤᠬᠠᠭᠤᠯᠭ᠎ᠠ ᠵᠢᠨ ᠭᠤᠤᠯᠳᠠᠯᠭ᠎ᠠ ᠵᠡᠷᠭᠡ ᠠᠭᠤᠯᠭ᠎ᠠ ᠵᠢ ᠤᠯᠠᠮᠵᠢᠯᠠᠵᠤ᠂ ᠢᠳᠡᠭᠡᠨ ᠪᠠ ᠡᠮ᠎ᠤᠨ ᠵᠦᠢ᠍ᠯ᠎ᠤᠨ ᠠᠶᠤᠯᠭᠦᠶ ᠦᠢ᠍ᠯᠡᠳᠪᠦᠷᠢᠯᠡᠯ᠎ᠤᠨ ᠬᠠᠮᠢᠶ᠎ᠠ ᠪᠥᠬᠦᠶ ᠱᠠᠭ᠋ᠠᠷᠳᠠᠯᠭ᠎ᠠ ᠵᠢᠨ ᠪᠠᠷᠢᠮᠵᠢᠶ᠎ᠠ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠡᠷᠭᠡ ᠬᠠᠮᠤᠭ᠎ᠤᠨ ᠰᠢᠨ᠎ᠡ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠭᠤᠤᠯᠳᠠᠯᠭ᠎ᠠ᠎ᠲᠠᠢ ᠲᠠᠶ᠋ᠢᠯᠪᠤᠷᠢᠯᠠᠵᠤ᠂ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠲᠠᠨ ᠪᠠ ᠠᠵᠤ ᠠᠬᠤᠶ᠋ᠢᠯᠠᠯ᠎ᠤᠨ ᠠᠵᠢᠯ ᠡᠷᠭᠢᠯᠡᠭᠰᠡᠳ᠎ᠤᠨ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠪᠠᠷᠢᠮᠵᠢᠶ᠎ᠠ ᠵᠢᠨ ᠮᠡᠳᠡᠯᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠤᠬᠠᠮᠰᠠᠷ᠎ᠢ ᠤᠯᠠᠮ ᠨᠢᠭᠡ ᠠᠯᠬᠤᠮ ᠪᠠᠲᠤ ᠪᠣᠶ ᠪᠣᠯᠭ᠋ᠠᠬᠤ ᠬᠡᠷᠡᠭᠲᠡᠶ᠃
      ᠢᠳᠡᠭᠡᠨ᠎ᠤ ᠠᠮᠤᠷ ᠲᠦᠪᠰᠢᠨ᠎ᠤ ᠪᠠᠶ᠋ᠢᠭᠤᠯᠭ᠎ᠠ ᠵᠢᠨ ᠳ᠋ᠦ᠋ ᠺᠸᠦ ᠪᠠᠯᠭ᠋ᠠᠰᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠨ ᠳᠠᠷᠤᠭ᠎ᠠ ᠵᠣᠣ ᠲᠢᠩ ᠴᠢ᠂ ᠳ᠋ᠦ᠋ ᠺᠸᠦ ᠪᠠᠯᠭ᠋ᠠᠰᠤᠨ᠎ᠤ ᠪᠥᠬᠦ ᠤᠳᠤᠷᠢᠳᠬᠤ ᠺᠠᠳ᠋ᠷᠴᠤᠳ᠎ᠲᠤ 《ᠳ᠋ᠧᠩᠺᠸᠦ ᠰᠢᠶᠠᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠵᠥᠪᠯᠡᠯ᠎ᠤᠨ ᠢᠳᠡᠭᠡᠨ᠎ᠤ ᠠᠮᠤᠷ ᠲᠦᠪᠰᠢᠨ᠎ᠤ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠠᠵᠢᠯ᠎ᠤᠨ ᠲᠣᠭᠲᠠᠴᠠ ᠵᠢ ᠰᠢᠯᠢᠳᠡᠭᠵᠢᠭᠦᠯᠬᠦ ᠲᠤᠬᠠᠶ ᠮᠡᠳᠡᠭᠳᠡᠯ》᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠪᠠᠶ᠋ᠢᠭᠤᠯᠭ᠎ᠠ ᠵᠢᠨ ᠠᠵᠢᠯᠲᠠᠨ᠎ᠤ ᠢᠳᠡᠭᠡᠨ᠎ᠤ ᠠᠮᠤᠷ ᠲᠦᠪᠰᠢᠨ᠎ᠤ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠵᠦ᠂ ᠢᠳᠡᠭᠡᠨ᠎ᠤ ᠠᠮᠤᠷ ᠲᠦᠪᠰᠢᠨ᠎ᠤ ᠨᠡᠶ᠋ᠢᠭᠡᠮ᠎ᠢ ᠬᠠᠮᠵᠢᠯᠴᠠᠨ ᠬᠠᠮᠲᠤ᠎ᠪᠠᠷ ᠵᠠᠰᠠᠬᠤ᠎ᠳᠤ ᠰᠠᠶ᠋ᠢᠨ ᠰᠠᠭᠤᠷᠢ ᠲᠠᠯᠪᠢᠵᠤ ᠥᠭᠴᠡᠶ᠃
      ᠢᠳᠡᠭᠡᠨ᠎ᠤ ᠠᠮᠤᠷ ᠲᠦᠪᠰᠢᠨ᠎ᠢ ᠲᠣᠰᠬᠤᠨ᠎ᠤ ᠬᠦᠶ ᠱᠧ ᠺᠸᠦ ᠪᠠᠯᠭ᠋ᠠᠰᠤᠨ᠎ᠤ ᠪᠦᠦ ᠺᠸᠦ ᠺᠠᠳ᠋ᠷᠴᠤᠳ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠬᠡᠯᠪᠡᠷᠢ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠢᠳᠡᠭᠡᠨ᠎ᠤ ᠠᠮᠤᠷ ᠲᠦᠪᠰᠢᠨ᠎ᠤ ᠮᠡᠳᠡᠯᠭᠡ᠂ ᠢᠳᠡᠭᠡᠨ ᠤᠮᠳᠠᠭ᠋ᠠᠨ᠎ᠢ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠢᠳᠡᠭᠡᠨ ᠤᠮᠳᠠᠭ᠋ᠠᠨ᠎ᠢ ᠬᠠᠳᠠᠭ᠋ᠠᠯᠠᠬᠤ ᠠᠷᠭ᠎ᠠ ᠮᠠᠶᠢᠭ᠂ ᠢᠳᠡᠭᠡᠨ᠎ᠤ ᠠᠮᠤᠷ ᠲᠦᠪᠰᠢᠨ᠎ᠢ ᠰᠡᠷᠭᠡᠶ᠋ᠢᠯᠡᠬᠦ ᠶᠡᠷᠦ ᠵᠢᠨ ᠮᠡᠳᠡᠯᠭᠡ᠂ ᠡᠷᠡᠭᠦᠯᠵᠢᠯ᠎ᠤᠨ ᠢᠳᠡᠭᠡᠨ᠎ᠤ ᠠᠮᠤᠷ ᠲᠦᠪᠰᠢᠨ ᠵᠢᠴᠢ ᠢᠳᠡᠭᠡᠨ᠎ᠤ ᠬᠠᠭᠤᠷᠮᠠᠭ᠎ᠢ ᠢᠯᠭ᠋ᠠᠨ ᠲᠠᠨᠢᠬᠤ ᠤᠷ᠎ᠠ ᠮᠡᠷᠭᠡᠵᠢᠯ ᠵᠡᠷᠭᠡ ᠵᠢ ᠲᠥᠪᠯᠡᠷᠡᠭᠦᠯᠦᠨ ᠤᠬᠠᠭᠤᠯᠬᠤ ᠵᠢᠨ ᠬᠠᠮᠲᠤ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ᠎ᠤᠨ ᠲᠤᠬᠠᠶ ᠲᠤᠬᠠᠶ ᠵᠢᠨ ᠲᠠᠯᠠᠪᠠᠶ᠎ᠳᠤ ᠮᠠᠳᠠᠭ᠎ᠲᠠᠢ ᠠᠰᠠᠭᠤᠳᠠᠯ᠎ᠢ ᠬᠠᠷᠢᠭᠤᠯᠵᠤ᠂ ᠣᠯᠠᠨ ᠨᠡᠶ᠋ᠢᠲᠡ ᠵᠢᠨ ᠢᠳᠡᠭᠡᠨ᠎ᠤ ᠠᠮᠤᠷ ᠲᠦᠪᠰᠢᠨ᠎ᠤ ᠲᠤᠬᠠᠶ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠦᠨ᠂ ᠣᠯᠠᠨ ᠲᠦᠮᠡᠨ᠎ᠤ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠲᠠᠯᠪᠢᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠪᠥᠬᠦ ᠨᠡᠶ᠋ᠢᠭᠡᠮ ᠵᠶ᠋ᠠᠷ ᠵᠶ᠋ᠠᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠲᠠᠯᠪᠢᠯᠲᠠ᠎ᠳᠤ ᠣᠷᠣᠯᠴᠠᠬᠤ ᠵᠢ ᠠᠬᠢᠭᠤᠯᠪᠠ᠃
      ᠢᠳᠡᠭᠡᠨ᠎ᠤ ᠠᠮᠤᠷ ᠲᠦᠪᠰᠢᠨ᠎ᠤ ᠬᠤᠳᠠᠯᠳᠤᠭ᠋ᠠᠨ᠎ᠤ ᠬᠡᠲᠦ ᠳᠡᠯᠭᠡᠭᠦᠷ᠎ᠤᠨ ᠳᠠᠭ᠋ᠠᠭ᠋ᠠᠴᠢᠯᠠᠯᠲᠠ ᠵᠢᠨ ᠺᠠᠳ᠋ᠷ ᠬᠠᠷᠢᠶᠠᠲᠤ ᠣᠷᠣᠨ᠎ᠤ ᠢᠳᠡᠭᠡᠨ ᠤᠮᠳᠠᠭ᠋ᠠᠨ᠂ ᠳᠡᠯᠭᠡᠭᠦᠷ ᠵᠡᠷᠭᠡ ᠳᠡᠯᠭᠡᠭᠦᠷ᠎ᠤᠨ ᠣᠷᠴᠢᠨ ᠲᠣᠭᠤᠷᠢᠨ᠎ᠤ ᠠᠷᠢᠭᠤᠨ ᠴᠡᠪᠡᠷ ᠪᠠᠷᠢᠮᠵᠢᠶ᠎ᠠ᠎ᠳᠤ ᠬᠦᠷᠦᠭᠰᠡᠨ ᠡᠰᠡᠬᠦ ᠵᠢᠴᠢ ᠬᠤᠭᠤᠴᠠᠭ᠎ᠠ᠎ᠠᠴᠠ ᠬᠡᠲᠦᠷᠡᠭᠰᠡᠨ ᠡᠰᠡᠬᠦ᠂ 《ᠭᠤᠷᠪᠠ ᠦᠭᠡᠶ》 ᠢᠳᠡᠭᠡᠨ᠂ ᠪᠠᠷᠠᠭ᠎ᠠ ᠣᠷᠣᠭᠤᠯᠤᠭᠰᠠᠨ ᠡᠬᠡ ᠲᠠᠩᠰᠠ᠂ ᠠᠷᠢᠭᠤᠳᠬᠠᠨ ᠴᠡᠪᠡᠷᠯᠡᠭᠰᠡᠨ ᠲᠡᠮᠳᠡᠭᠯᠡᠯ ᠵᠡᠷᠭᠡ ᠪᠠᠶ᠋ᠢᠳᠠᠯ᠎ᠢ ᠪᠠᠶ᠋ᠢᠴᠠᠭ᠋ᠠᠨ ᠦᠵᠡᠬᠦ ᠵᠢᠨ ᠬᠠᠮᠲᠤ ᠳᠡᠯᠭᠡᠭᠦᠷ᠎ᠤᠨ ᠡᠵᠡᠩᠨᠡᠯᠲᠡ ᠵᠢᠨ ᠦᠨᠡᠮᠯᠡᠯ᠂ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠂ ᠠᠵᠢᠯᠯᠠᠵᠤ ᠪᠠᠶ᠋ᠢᠭ᠎ᠠ ᠬᠥᠮᠦᠰ᠎ᠤᠨ ᠡᠷᠡᠭᠦᠯ ᠮᠡᠨᠳᠦ ᠵᠢᠨ ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ᠎ᠢ ᠪᠠᠶ᠋ᠢᠴᠠᠭ᠋ᠠᠪᠠ᠃ ᠡᠭᠦᠨ᠎ᠤ ᠬᠠᠮᠲᠤ ᠡᠵᠡᠩᠨᠡᠯᠲᠡ ᠵᠢᠨ ᠭᠤᠤᠯ ᠴᠣᠭᠴᠠ᠎ᠳᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠪᠣᠯᠤᠨ ᠡᠯ᠎ᠡ ᠵᠦᠢ᠍ᠯ᠎ᠤᠨ ᠲᠦᠷᠢᠮ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠢᠳᠡᠭᠡᠨ᠎ᠤ ᠠᠮᠤᠷ ᠲᠦᠪᠰᠢᠨ᠎ᠤ ᠳᠠᠯᠳᠠ ᠬᠡᠮ᠎ᠤᠨ ᠰᠡᠷᠭᠡᠶ᠋ᠢᠯᠡᠯᠲᠡ ᠵᠢ ᠠᠩᠬᠠᠷᠴᠤ᠂ ᠢᠳᠡᠭᠡᠨ᠎ᠤ ᠠᠮᠤᠷ ᠲᠦᠪᠰᠢᠨ᠎ᠤ ᠥᠪᠡᠷ᠎ᠢ᠎ᠪᠠᠨ ᠱᠠᠭ᠋ᠠᠷᠳᠠᠬᠤ ᠤᠬᠠᠮᠰᠠᠷ᠎ᠢ ᠤᠬᠠᠮᠰᠠᠷ᠎ᠠᠴᠠ᠎ᠪᠠᠨ ᠴᠢᠩᠭ᠋ᠠᠳᠬᠠᠬᠤ ᠬᠡᠷᠡᠭᠲᠡᠶ ᠭᠡᠵᠦ ᠰᠠᠨᠠᠭᠤᠯᠪᠠ᠃ ᠳᠠᠷᠠᠭ᠋ᠠᠴᠢ ᠵᠢᠨ ᠠᠯᠬᠤᠮ᠎ᠳᠤ᠂ ᠳ᠋ᠦ᠋ ᠺᠸᠤ ᠪᠠᠯᠭ᠋ᠠᠰᠤᠨ᠎ᠤ᠎ᠬᠢᠨ ᠤᠯᠠᠨ ᠨᠡᠶ᠋ᠢᠲᠡ ᠵᠢᠨ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠭᠤᠣᠯᠳᠠᠯᠭ᠎ᠠ ᠪᠣᠯᠭ᠋ᠠᠵᠤ᠂ 《ᠢᠳᠡᠭᠡᠨ᠎ᠤ ᠠᠮᠤᠷ ᠲᠦᠪᠰᠢᠨ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ》 ᠭᠡᠬᠦ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ᠎ᠪᠠᠷ ᠴᠢᠷᠮᠠᠶ᠋ᠢᠵᠤ᠂ ᠬᠠᠮᠲᠤᠪᠠᠷ ᠪᠠᠶ᠋ᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠳ᠋ᠦ᠋ ᠺᠸᠦ ᠪᠠᠯᠭ᠋ᠠᠰᠤᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠤᠶ᠋ᠢᠰᠢᠳᠠ ᠵᠢᠨ ᠠᠵᠢᠯ᠎ᠳᠤ 《ᠢᠳᠡᠭᠡᠨ᠎ᠤ ᠠᠮᠤᠷ ᠲᠦᠪᠰᠢᠨ᠎ᠤ ᠬᠦᠴᠦᠨ》᠎ᠢ ᠨᠡᠮᠡᠷᠢᠯᠡᠨ᠎ᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ