ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠲᠠᠩ ᠳ᠋ᠦᠩ ᠨᠢᠶᠠᠨ ᠰᠢᠮᠳᠠᠭᠤᠯᠤᠨ ᠪᠠᠶ᠋ᠢᠴᠠᠭ᠋ᠠᠬᠤ ᠪᠤᠯᠤᠩ᠎ᠤᠨ ᠨᠠᠭᠤᠷ ᠪᠠᠯᠭ᠋ᠠᠰᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠭᠰᠠᠨ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠠᠵᠢᠯ᠎ᠢ ᠥᠷᠨᠢᠭᠦᠯᠦᠭᠰᠡᠨ ᠪᠠᠶ᠋ᠢᠳᠠᠯ

ᠨᠡᠶ᠋ᠢᠲᠡᠯᠡᠭᠰᠡᠨ ᠴᠠᠭ᠄   2024-10-28

     10 ᠰᠠᠷ᠎ᠠ ᠵᠢᠨ 25᠎ᠤ ᠡᠳᠦᠷ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠲᠠᠩ ᠳ᠋ᠦᠩ ᠨᠢᠶᠠᠨ᠂ ᠰᠢᠶᠠᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠡᠷᠬᠢᠯᠡᠭᠴᠢ ᠵᠢᠶᠠ ᠰᠢᠨ ᠰᠢᠶᠠ ᠨᠠᠷ ᠪᠦ᠋ ᠯᠦᠩ ᠨᠣᠣ ᠪᠠᠯᠭ᠋ᠠᠰᠤᠨ᠎ᠳᠤ ᠬᠦᠷᠴᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠠᠵᠢᠯ᠎ᠢ ᠥᠷᠨᠢᠭᠦᠯᠵᠦ ᠪᠠᠶ᠋ᠢᠭ᠎ᠠ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠵᠤ ᠵᠢᠭ᠋ᠠᠨ ᠵᠢᠯᠣᠭᠣᠳᠴᠤ᠂ ᠪᠦ᠋ ᠯᠦᠩ ᠨᠣᠣ ᠪᠠᠯᠭ᠋ᠠᠰᠤᠨ᠎ᠤ ᠨᠠᠮ᠎ᠤᠨ ᠬᠣᠷᠢᠶᠠᠨ᠎ᠤ ᠱᠦᠵᠢ ᠰᠢᠶᠠᠩ ᠮᠢᠩ ᠳ᠋ᠦᠩ ᠪᠠᠷ᠎ᠠ ᠪᠣᠯᠪᠠ᠃ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠬᠠᠷᠢᠭᠤ ᠮᠡᠳᠡᠭᠦᠯᠦᠯᠲᠡ ᠵᠢ ᠰᠣᠨᠣᠰᠬᠤ᠂ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠡᠷᠭᠡ ᠠᠵᠢᠯ᠎ᠤᠨ ᠲᠣᠭᠣᠷᠢᠨ᠎ᠳᠤ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠯᠲᠠ ᠬᠢᠪᠡ᠃

      ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠠᠴᠠ᠂ ᠨᠢᠭᠡ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠵᠦ᠂ ᠨᠠᠮ᠎ᠤᠨ ᠬᠣᠷᠢᠶᠠᠨ᠎ᠤ ᠱᠦᠵᠢ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃ ᠬᠣᠶᠠᠷ᠎ᠲᠤ᠂ ᠲᠤᠰ ᠨᠢᠭᠡᠴᠡ ᠵᠢᠨ ᠵᠶ᠋ᠠᠨ ᠠᠵᠢᠯ᠎ᠤᠨ ᠭᠢᠯᠠᠰ ᠴᠡᠭ᠎ᠢ ᠡᠮᠬᠢᠯᠡᠵᠦ᠂ ᠰᠠᠶ᠋ᠢᠨ ᠲᠤᠷᠰᠢᠯᠭ᠎ᠠ᠂ ᠰᠠᠶ᠋ᠢᠨ ᠠᠷᠭ᠎ᠠ ᠬᠢᠳᠡᠯ᠎ᠢ ᠪᠣᠯᠪᠠᠰᠤᠷᠠᠭᠤᠯᠵᠤ᠂ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ᠎ᠤᠨ ᠬᠠᠷᠢᠯᠴᠠᠨ ᠰᠤᠷᠤᠯᠴᠠᠵᠤ ᠰᠣᠯᠢᠯᠴᠠᠬᠤ᠎ᠳᠤ ᠳᠥᠭᠥᠮ ᠦᠵᠡᠭᠦᠯᠬᠦ ᠬᠡᠷᠡᠭᠲᠡᠢ᠃ ᠭᠤᠷᠪᠠ᠎ᠳᠤ᠂ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠬᠤ᠎ᠲᠠᠢ ᠤᠶᠠᠯᠳᠤᠭᠤᠯᠤᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠭᠦᠨᠵᠡᠭᠡᠢ ᠰᠤᠳᠤᠯᠵᠤ᠂ ᠠᠯᠳᠠᠭᠳᠠᠯ᠎ᠢ ᠪᠠᠶ᠋ᠢᠴᠠᠭ᠋ᠠᠨ ᠳᠤᠲᠠᠭᠤ ᠵᠢ ᠨᠥᠬᠥᠪᠥᠷᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠱᠤᠭᠤᠮ᠎ᠤᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠡᠮᠬᠢ ᠵᠢᠷᠤᠮ᠎ᠲᠠᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠡᠷᠡᠰ ᠭᠤᠶ᠋ᠢᠪᠢᠰᠢ ᠦᠭᠡᠢ ᠰᠠᠶ᠋ᠢᠲᠤᠷ ᠪᠡᠶᠡᠯᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠳᠤᠮᠳᠠ ᠰᠢᠨ᠎ᠡ ᠡᠭᠦᠷᠭᠡᠯᠡᠯ᠎ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶ᠋ᠢᠯᠭ᠎ᠠ ᠵᠢ ᠢᠯᠡᠷᠡᠭᠦᠯᠬᠦ ᠬᠡᠷᠡᠭᠲᠡᠢ᠃
        ᠳᠠᠷᠠᠭ᠋ᠠᠴᠢ ᠵᠢᠨ ᠠᠯᠬᠤᠮ᠎ᠳᠤ᠂ ᠪᠦ᠋ ᠯᠦᠩ ᠨᠣᠣ ᠪᠠᠯᠭ᠋ᠠᠰᠤ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠦᠬᠦ ᠪᠠᠯᠭ᠋ᠠᠰᠤᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠪᠣᠳᠣᠯ ᠵᠶ᠋ᠠᠨ ᠴᠢᠩᠭ᠋ᠠᠳᠬᠠᠵᠤ᠂ ᠠᠵᠤ ᠦᠢ᠍ᠯᠡᠰ᠎ᠤᠨ ᠬᠥᠭᠵᠢᠯᠲᠡ᠂ ᠦᠨᠳᠦᠰᠦᠨ ᠱᠠᠲᠤᠨ᠎ᠤ ᠵᠠᠰᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠳ᠋ᠧᠩᠺᠧᠦ ᠰᠢᠶᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠭᠦᠨᠵᠡᠭᠡᠢ ᠠᠬᠢᠭᠤᠯᠬᠤ᠎ᠳᠤ ᠪᠤᠯᠤᠩ ᠲᠣᠬᠣᠢ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ