ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠳ᠋ᠧᠩᠺᠸᠤ ᠰᠢᠶᠠᠨ᠎ᠤ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠭᠦᠩ ᠵᠢᠶᠠᠨ ᠭᠠᠩ ᠯᠦᠩ ᠱᠧᠩ ᠾᠧ ᠪᠠᠯᠭ᠋ᠠᠰᠤᠨ᠎ᠤ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ

ᠨᠡᠶ᠋ᠢᠲᠡᠯᠡᠭᠰᠡᠨ ᠴᠠᠭ᠄   2024-11-25

      11 ᠰᠠᠷ᠎ᠠ ᠵᠢᠨ 22᠎ᠤᠨ ᠡᠳᠦᠷ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠬᠥᠩ ᠵᠢᠶᠠᠨ ᠭᠠᠩ ᠯᠦᠩ ᠱᠧᠩ ᠾᠧ ᠪᠠᠯᠭ᠋ᠠᠰᠤᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ᠂ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠬᠡᠷ᠎ᠤᠨ ᠡᠷᠬᠢᠯᠡᠭᠴᠢ ᠯᠢᠦ ᠬᠤᠤ ᠢᠦᠶ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠵᠤ᠂ ᠪᠠᠯᠭ᠋ᠠᠰᠤᠨ᠎ᠤ ᠨᠠᠮ᠎ᠤᠨ ᠬᠤᠷᠢᠶᠠᠨ᠎ᠤ ᠱᠦᠵᠢ ᠯᠢᠦ ᠫᠸᠢ ᠹᠦ᠋᠂ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠪᠠᠯᠭ᠋ᠠᠰᠤᠨ᠎ᠤ ᠳᠠᠷᠤᠭ᠎ᠠ ᠵᠢᠨ ᠨᠡᠷ᠎ᠡ ᠳᠤᠷᠠᠳᠤᠭᠰᠠᠨ ᠵᠢᠱ᠌ᠢᠭᠳᠡᠭᠴᠢ ᠯᠢᠦ ᡁᠢ ᠼᠠᠢ ᠪᠠᠷ᠎ᠠ ᠪᠣᠯᠪᠠ᠃
      ᠬᠥᠩ ᠵᠢᠶᠠᠨ ᠭᠠᠩ ᠵᠢᠭ᠋ᠠᠵᠤ ᠭᠠᠷᠭ᠋ᠠᠬᠤ᠎ᠳᠠᠭᠠᠨ᠂ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠥᠪᠯᠡᠬᠦ ᠠᠷᠠᠳᠴᠢᠯᠠᠯ᠎ᠤᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠭᠡᠰᠢᠭᠦᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠢᠳᠡᠪᠬᠢᠲᠡᠢ ᠡᠯ᠎ᠡ ᠵᠦᠢ᠍ᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ; ᠯᠦᠩ ᠱᠧᠩ ᠾᠧ ᠪᠠᠯᠭ᠋ᠠᠰᠤᠨ᠎ᠤ ᠲᠣᠰ ᠭᠠᠵᠠᠷ᠎ᠤᠨ ᠣᠨᠴᠠᠯᠢᠭ ᠪᠠ ᠭᠡᠰᠢᠭᠦᠳ᠎ᠤᠨ ᠡᠬᠢ ᠪᠠᠶᠠᠯᠢᠭ᠎ᠲᠠᠢ ᠤᠶᠠᠯᠳᠤᠭᠤᠯᠤᠨ᠂ ᠭᠡᠰᠢᠭᠦᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠭᠦᠯᠦᠨ᠂ ᠪᠣᠳᠠᠲᠠᠶ ᠵᠢ ᠡᠷᠬᠢᠮᠯᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠨᠡᠶ᠋ᠢᠭᠡᠮ᠎ᠤᠨ ᠪᠠᠶ᠋ᠢᠳᠠᠯ᠎ᠢ ᠢᠳᠡᠪᠬᠢᠲᠡᠶ ᠪᠠᠶ᠋ᠢᠴᠠᠭ᠋ᠠᠨ᠂ ᠠᠷᠠᠳ᠎ᠤᠨ ᠰᠠᠨᠠᠭ᠎ᠠ ᠵᠢ ᠰᠣᠨᠣᠰᠴᠤ᠂ ᠰᠠᠶ᠋ᠢᠨ ᠠᠷᠭ᠎ᠠ ᠬᠡᠮᠵᠢᠶ᠎ᠡ ᠭᠠᠷᠭ᠋ᠠᠵᠤ᠂ ᠠᠷᠠᠳ ᠣᠯᠠᠨ᠎ᠤ ᠪᠠᠴᠢᠮ ᠪᠡᠷᠬᠡ ᠵᠣᠪᠠᠨᠢᠯ᠎ᠤᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠬᠦ ᠬᠡᠷᠡᠭᠲᠡᠶ; ᠵᠢᠨ ᠮᠠ ᠬᠤ᠌ ᠨᠠᠭᠤᠷ᠎ᠤᠨ ᠭᠠᠵᠠᠷ ᠵᠦᠶ ᠵᠢᠨ ᠤᠨᠴᠠᠯᠢᠭᠳᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠲᠠᠷᠢᠶᠠᠯᠠᠩ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠦᠷᠭᠦᠯᠵᠢᠯᠡᠨ ᠬᠥᠭᠵᠢᠨ ᠪᠤᠵᠠᠭ᠋ᠠᠢ᠍ᠢ᠍ᠷᠠᠬᠤ ᠵᠢ ᠠᠬᠢᠭᠤᠯᠬᠤ ᠬᠡᠷᠡᠭᠲᠡᠶ; ᠬᠥᠳᠡᠭᠡ ᠲᠣᠰᠬᠤᠨ᠎ᠤ ᠣᠨᠴᠠᠯᠢᠭᠲᠤ ᠡᠬᠢ ᠪᠠᠶᠠᠯᠢᠭ᠎ᠲᠤ ᠰᠠᠭᠤᠷᠢᠯᠠᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠰᠠᠭᠤᠷᠢᠯᠠᠨ᠂ ᠠᠮᠢ ᠠᠬᠤᠶ ᠵᠢᠨ ᠬᠠᠮᠠᠭ᠋ᠠᠯᠠᠯᠲᠠ᠂ ᠰᠡᠯᠡᠭᠦᠴᠡᠯ᠎ᠤᠨ ᠣᠶ᠋ᠢᠯᠠᠭ᠋ᠠᠯᠲᠠ᠂ ᠰᠣᠶᠣᠯ᠎ᠤᠨ ᠤᠯᠠᠮᠵᠢᠯᠠᠨ ᠵᠠᠯᠭ᠋ᠠᠮᠵᠢᠯᠠᠬᠤ ᠴᠢᠳᠠᠮᠵᠢ ᠵᠢ ᠤᠯᠠᠮ ᠨᠢᠭᠡ ᠠᠯᠬᠤᠮ ᠥᠷᠭᠡᠳᠬᠡᠵᠦ᠂ ᠯᠦᠩ ᠱᠧᠩ ᠾᠧ ᠪᠠᠯᠭ᠋ᠠᠰᠤᠨ᠎ᠤ 《ᠲᠠᠷᠢᠶᠠᠯᠠᠩ ᠰᠣᠶᠣᠯ ᠵᠢᠭᠤᠯᠴᠢᠯᠠᠯ》᠎ᠢ ᠠᠭᠤᠰᠤᠯᠴᠠᠭᠤᠯᠤᠨ ᠬᠥᠭᠵᠢᠭᠦᠯᠬᠦ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠵᠶ᠋ᠠᠷ ᠵᠠᠮᠨᠠᠬᠤ ᠬᠡᠷᠡᠭᠲᠡᠶ ᠭᠡᠪᠡ᠃

W020241125349500489759.jpg

 

ᠢᠷᠡᠯᠲᠡ᠄ ᠳ᠋ᠸᠩᠺᠸᠦ ᠰᠢᠶᠠᠨ᠎ᠤ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ