ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠯᠢ ᠵᠢᠶᠦ᠋ᠨ ᠰᠢᠶᠠ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠵᠢᠯᠣᠭᠣᠳᠪᠠ

ᠨᠡᠶ᠋ᠢᠲᠡᠯᠡᠭᠰᠡᠨ ᠴᠠᠭ᠄   2024-10-24

      10 ᠰᠠᠷ᠎ᠠ ᠵᠢᠨ 23᠎ᠤ ᠡᠳᠦᠷ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠢ ᠵᠢᠶᠦ᠋ᠨ ᠰᠢᠶᠠ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠵᠢᠯᠣᠭᠣᠳᠪᠠ᠃ ᠪᠠᠶᠠᠨᠭᠤᠣᠯ ᠪᠠᠯᠭ᠋ᠠᠰᠤᠨ᠎ᠤ ᠨᠠᠮ᠎ᠤᠨ ᠬᠣᠷᠢᠶᠠᠨ᠎ᠤ ᠱᠦᠵᠢ ᠯᠢ ᠽᠧ᠂ ᠨᠠᠮ᠎ᠤᠨ ᠬᠣᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠪᠠᠯᠭ᠋ᠠᠰᠤᠨ ᠳᠠᠷᠤᠭ᠎ᠠ ᠸᠧᠢ ᠵᠧᠨ ᠪᠠᠷ᠎ᠠ ᠪᠣᠯᠪᠠ᠃

        ᠯᠢ ᠵᠢᠶᠦ᠋ᠨ ᠰᠢᠶᠠ ᠨᠠᠷ ᠪᠠᠶᠠᠨᠭᠤᠣᠯ ᠪᠠᠯᠭ᠋ᠠᠰᠤᠨ᠎ᠤ ᠡᠯ᠎ᠡ ᠭᠠᠴᠠᠭ᠎ᠠ ᠲᠣᠰᠬᠣᠨ᠎ᠳᠤ ᠭᠦᠨᠵᠡᠭᠡᠶ᠋ᠢᠷᠡᠵᠦ᠂ ᠡᠯ᠎ᠡ ᠭᠠᠴᠠᠭ᠎ᠠ ᠲᠣᠰᠬᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠠᠩᠰᠠ ᠡᠪᠬᠡᠮᠡᠯ᠎ᠤᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠪᠣᠯᠤᠨ ᠣᠷᠣᠰᠢᠵᠤ ᠪᠠᠶ᠋ᠢᠭ᠎ᠠ ᠠᠰᠠᠭᠤᠳᠠᠯ᠎ᠢ ᠨᠠᠷᠢᠨ ᠣᠶ᠋ᠢᠯᠠᠭ᠋ᠠᠪᠠ᠃ ᠯᠢ ᠵᠢᠶᠦ᠋ᠨ ᠰᠢᠶᠠ ᠴᠢᠬᠤᠯᠠᠴᠢᠯᠠᠭᠰᠠᠨ᠎ᠨᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠨᠢᠭᠡᠨ ᠤᠷᠲᠤ ᠬᠤᠭᠤᠴᠠᠭ᠋ᠠᠨ᠎ᠤ ᠪᠡᠷᠬᠡ ᠬᠠᠲᠠᠭᠤᠵᠢᠯᠲᠠᠢ ᠡᠭᠦᠷᠭᠡ ᠮᠥᠨ᠂ ᠡᠯ᠎ᠡ ᠱᠠᠲᠤᠨ᠎ᠤ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠮᠲᠤᠪᠠᠷ ᠠᠬᠢᠭᠤᠯᠬᠤ ᠴᠢᠬᠤᠯᠠᠲᠠᠢ ᠶᠤᠮ᠃ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ᠎ᠬᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠳᠠᠬᠢᠨ ᠨᠢᠭᠡ ᠳᠡᠭᠲᠡᠷ᠎ᠲᠤ ᠭᠠᠷᠭ᠋ᠠᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃
        ᠯᠢ ᠵᠢᠶᠦ᠋ᠨ ᠰᠢᠶᠠ ᠳ᠋ᠧᠩᠺᠧᠦ ᠰᠢᠶᠠᠨ᠎ᠤ ᠬᠤᠸᠠ ᠯᠠᠢ ᠱ᠌ᠢ ᠭᠤᠸᠠ ᠵᠢᠨ ᠣᠨᠴᠠᠯᠢᠭᠲᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠲᠤ ᠬᠦᠷᠴᠦ᠂ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ᠂ ᠲᠤᠬᠠᠢ ᠵᠢᠨ ᠭᠠᠵᠠᠷ᠎ᠲᠤᠨᠢ ᠰᠣᠯᠢᠯᠴᠠᠬᠤ ᠬᠡᠯᠪᠡᠷᠢ᠎ᠪᠠᠷ ᠬᠤᠸᠠ ᠯᠠᠢ ᠱ᠌ᠢ ᠭᠤᠸᠠ ᠵᠢᠨ ᠣᠨᠴᠠᠯᠢᠭᠲᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠬᠥᠭᠵᠢᠯᠲᠡ ᠵᠢᠨ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠠᠰᠠᠭᠤᠳᠠᠯ᠎ᠢ ᠨᠠᠷᠢᠨ ᠣᠶ᠋ᠢᠯᠠᠭ᠋ᠠᠪᠠ᠃ ᠯᠢ ᠵᠢᠶᠦ᠋ᠨ ᠰᠢᠶᠠ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠳᠠᠷᠠᠭ᠋ᠠᠴᠢ ᠵᠢᠨ ᠠᠯᠬᠤᠮ᠎ᠤᠨ ᠬᠥᠭᠵᠢᠯᠲᠡ᠎ᠳᠤ ᠬᠠᠨᠳᠤᠯᠭ᠋ᠠᠲᠤ ᠴᠢᠨᠠᠷᠲᠠᠢ ᠰᠠᠨᠠᠭᠤᠯᠭ᠎ᠠ ᠳᠤᠷᠠᠳᠴᠤ᠂ ᠲᠤᠬᠠᠢ ᠵᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠠᠰᠢᠭᠯᠠᠵᠤ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠬᠤᠸᠠ ᠯᠠᠢ ᠱ᠌ᠢ ᠭᠤᠸᠠ ᠵᠢᠨ ᠣᠨᠴᠠᠯᠢᠭᠲᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠬᠤᠸᠠ ᠯᠠᠢ ᠱ᠌ᠢ ᠬᠦᠷᠢᠶᠡᠯᠡᠩ ᠲᠣᠭᠣᠷᠢᠭ᠎ᠤᠨ᠎ᠬᠢᠨ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠶᠠᠰᠤ ᠴᠢᠨᠠᠷ ᠵᠶ᠋ᠠᠨ ᠳᠡᠭᠡᠭᠰᠢᠯᠡᠭᠦᠯᠵᠦ᠂ ᠪᠠᠶᠠᠨᠭᠤᠣᠯ ᠪᠠᠯᠭ᠋ᠠᠰᠤᠨ᠎ᠤ ᠠᠵᠤ ᠠᠬᠤᠢ ᠵᠢᠨ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠪᠠᠶ᠋ᠢᠨ᠎ᠠ᠃
        ᠳᠠᠷᠠᠭ᠋ᠠᠴᠢ ᠵᠢᠨ ᠠᠯᠬᠤᠮ᠎ᠳᠤ᠂ ᠪᠠᠶᠠᠨᠭᠤᠣᠯ ᠪᠠᠯᠭ᠋ᠠᠰᠤ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠣᠢ ᠪᠣᠯᠭ᠋ᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠤᠯᠠᠮ ᠴᠢᠨᠠᠭᠰᠢᠳᠠ ᠪᠣᠳᠠᠲᠠᠶ᠋ᠢᠵᠢᠭᠤᠯᠤᠨ ᠨᠠᠷᠢᠯᠢᠬ᠍ᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠡᠯ᠎ᠡ ᠵᠦᠢ᠍ᠯ᠎ᠤᠨ ᠠᠵᠢᠯ᠎ᠢ ᠲᠡᠷᠡ ᠬᠡᠪ ᠵᠶ᠋ᠠᠷ᠎ᠨᠢ ᠰᠠᠶ᠋ᠢᠲᠤᠷ ᠠᠳᠬᠤᠨ᠎ᠠ᠃ ᠬᠥᠳᠡᠭᠡ ᠲᠣᠰᠬᠣᠨ᠎ᠤ ᠬᠥᠭᠵᠢᠯᠲᠡ ᠵᠢ ᠠᠬᠢᠭᠤᠯᠵᠤ᠂ ᠬᠥᠳᠡᠭᠡ ᠠᠵᠤ ᠠᠬᠤᠢ ᠵᠢᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠬᠥᠳᠡᠭᠡ ᠲᠣᠰᠬᠣᠨ᠎ᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠵᠢ ᠠᠬᠢᠭᠤᠯᠵᠤ᠂ ᠪᠦᠬᠦ ᠪᠠᠯᠭ᠋ᠠᠰᠤᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠠᠵᠢᠯ᠎ᠳᠤ ᠨᠡᠩ ᠶᠡᠬᠡ ᠰᠢᠨ᠎ᠡ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ