ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠰᠢᠶᠠᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠶᠣᠣ ᠮᠢᠩ ᠶᠤᠸᠡᠢ ᠱᠠᠵᠢᠨᠲᠤᠬᠤᠢ ᠰᠤᠮᠤᠨ᠎ᠳᠤ ᠭᠦᠨᠵᠡᠭᠡᠶ᠋ᠢᠷᠡᠨ ᠦᠨᠡᠮᠯᠡᠯ᠎ᠲᠠᠢ ᠵᠡᠮᠳᠡᠭᠴᠦᠳ᠎ᠤᠨ ᠦᠨᠳᠦᠰᠦᠨ ᠪᠠᠶ᠋ᠢᠳᠠᠯ᠎ᠢ ᠪᠠᠶ᠋ᠢᠴᠠᠭ᠋ᠠᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ

ᠨᠡᠶ᠋ᠢᠲᠡᠯᠡᠭᠰᠡᠨ ᠴᠠᠭ᠄   2024-10-17

      10 ᠰᠠᠷ᠎ᠠ ᠵᠢᠨ 16᠎ᠤ ᠡᠳᠦᠷ᠂ ᠰᠢᠶᠠᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠶᠣᠣ ᠮᠢᠩ ᠶᠤᠸᠡᠢ ᠱᠠᠵᠢᠨᠳᠤᠬᠤᠢ ᠰᠤᠮᠤᠨ᠎ᠳᠤ ᠭᠦᠨᠵᠡᠭᠡᠶ᠋ᠢᠷᠡᠨ ᠦᠨᠡᠮᠯᠡᠯ᠎ᠲᠠᠢ ᠵᠡᠮᠳᠡᠭᠴᠦᠳ᠎ᠤᠨ ᠦᠨᠳᠦᠰᠦᠨ ᠪᠠᠶ᠋ᠢᠳᠠᠯ᠎ᠢ ᠪᠠᠶ᠋ᠢᠴᠠᠭ᠋ᠠᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠴᠤ᠂ ᠰᠢᠶᠠᠨ᠎ᠤ ᠵᠡᠮᠳᠡᠭᠴᠦᠳ᠎ᠤᠨ ᠬᠣᠯᠪᠣᠭ᠎ᠠ ᠵᠢᠨ ᠬᠡᠷᠡᠭ ᠡᠷᠬᠢᠯᠡᠭᠴᠢᠳ᠎ᠤᠨ ᠳᠠᠷᠤᠭ᠎ᠠ ᠶᠢᠨ ᠶᠢᠨ ᠼᠠᠢ ᠬᠠᠮᠲᠤ ᠶᠠᠪᠤᠭᠳᠠᠵᠤ᠂ ᠱᠠᠵᠢᠨᠳᠤᠬᠤᠢ ᠰᠤᠮᠤᠨ᠎ᠤ ᠵᠠᠰᠠᠭ᠎ᠤᠨ ᠣᠷᠳᠣᠨ᠎ᠤ ᠳᠡᠳ᠋ ᠰᠤᠮᠤᠨ ᠳᠠᠷᠤᠭ᠎ᠠ ᠲᠠ ᠲᠠᠨ᠎ᠠ ᠪᠠᠷ᠎ᠠ ᠪᠣᠯᠪᠠ᠃   

      ᠲᠤᠰ ᠤᠳᠠᠭ᠋ᠠᠨ᠎ᠤ ᠪᠠᠶ᠋ᠢᠴᠠᠭ᠋ᠠᠯᠲᠠ ᠵᠢᠨ ᠠᠵᠢᠯ᠎ᠨᠢ ᠦᠨᠡᠮᠯᠡᠯ᠎ᠲᠠᠢ ᠵᠡᠮᠳᠡᠭᠴᠦᠳ᠎ᠤᠨ ᠠᠮᠢᠳᠤᠷᠠᠯ᠎ᠤᠨ ᠪᠠᠶ᠋ᠢᠳᠠᠯ᠂ ᠬᠡᠷᠡᠭᠴᠡᠭᠡ ᠱᠠᠭ᠋ᠠᠷᠳᠠᠯᠭ᠎ᠠ ᠵᠢᠴᠢ ᠲᠤᠯᠭ᠋ᠠᠷᠠᠵᠤ ᠪᠠᠶ᠋ᠢᠭ᠎ᠠ ᠬᠦᠴᠢᠷᠳᠡᠯ᠎ᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠨᠡᠩ ᠣᠨᠣᠪᠴᠢᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠲᠣᠭᠲᠠᠭ᠋ᠠᠬᠤ ᠵᠢᠨ ᠲᠥᠯᠥᠭᠡ ᠶᠤᠮ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠡᠷᠦᠬᠡ᠎ᠳᠤ ᠣᠷᠣᠬᠤ ᠬᠡᠯᠪᠡᠷᠢ᠎ᠪᠠᠷ ᠳᠠᠮᠵᠢᠭᠤᠯᠤᠨ᠂ ᠵᠡᠮᠳᠡᠭᠴᠦᠳ ᠵᠢᠴᠢ ᠲᠡᠳᠡᠨ᠎ᠤ ᠭᠡᠷ ᠪᠦᠯᠢ ᠵᠢᠨ᠎ᠬᠢᠨ᠎ᠲᠠᠢ ᠨᠢᠭᠤᠷᠳᠠᠨ ᠶᠠᠷᠢᠯᠴᠠᠵᠤ᠂ ᠲᠡᠳᠡᠨ᠎ᠤ ᠡᠮᠴᠢᠯᠡᠭᠡ ᠡᠷᠡᠭᠦᠯᠵᠢᠯ᠂ ᠰᠤᠷᠭ᠋ᠠᠨ ᠬᠥᠮᠦᠵᠢᠯ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ ᠵᠡᠷᠭᠡ ᠲᠠᠯ᠎ᠠ ᠵᠢᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠨᠠᠷᠢᠨ ᠣᠶ᠋ᠢᠯᠠᠭ᠋ᠠᠭᠰᠠᠨ ᠪᠥᠭᠡᠳ ᠲᠡᠳᠡᠨ᠎ᠤ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠲᠤᠯᠭ᠋ᠠᠷᠠᠭᠰᠠᠨ ᠪᠣᠳᠠᠲᠠᠢ ᠠᠰᠠᠭᠤᠳᠠᠯ᠎ᠢ ᠲᠡᠮᠳᠡᠭᠯᠡᠵᠦ᠂ ᠵᠠᠯᠭ᠋ᠠᠮᠵᠢ ᠲᠥᠷᠥ ᠵᠢᠨ ᠪᠣᠳᠣᠯᠭ᠎ᠠ ᠲᠣᠭᠲᠠᠭ᠋ᠠᠬᠤ᠎ᠳᠤ ᠨᠠᠷᠢᠨ ᠪᠣᠳᠠᠲᠠᠢ ᠲᠣᠭ᠎ᠠ ᠪᠠᠷᠢᠮᠲᠠ ᠵᠢᠨ ᠳᠡᠮᠵᠢᠯᠭᠡ ᠬᠠᠩᠭ᠋ᠠᠭᠰᠠᠨ ᠪᠠᠶ᠋ᠢᠨ᠎ᠠ᠃   

      ᠳᠠᠷᠠᠭ᠋ᠠᠴᠢ ᠵᠢᠨ ᠠᠯᠬᠤᠮ᠎ᠳᠤ᠂ ᠱᠠᠵᠢᠨᠲᠤᠬᠤᠢ ᠰᠤᠮᠤ᠎ᠨᠢ ᠵᠡᠮᠳᠡᠭᠴᠦᠳ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠦᠢ᠍ᠯᠡᠴᠢᠯᠡᠭᠡᠨ᠎ᠤ ᠶᠠᠪᠤᠴᠠ ᠵᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠵᠡᠮᠳᠡᠭᠴᠦᠳ᠎ᠤᠨ ᠡᠯ᠎ᠡ ᠲᠠᠯ᠎ᠠ ᠵᠢᠨ ᠬᠡᠷᠡᠭᠴᠡᠭᠡ ᠵᠢ ᠭᠦᠢ᠍ᠴᠡᠳ ᠠᠭᠤᠳᠠᠯᠵᠤ᠂ ᠵᠡᠮᠳᠡᠭᠴᠦᠳ᠎ᠤᠨ ᠬᠡᠷᠡᠭᠴᠡᠭᠡ ᠱᠠᠭ᠋ᠠᠷᠳᠠᠯᠭ᠎ᠠ ᠪᠠ ᠦᠢ᠍ᠯᠡᠴᠢᠯᠡᠭᠡ ᠵᠢ ᠡᠮᠬᠢ ᠵᠢᠷᠤᠮ᠎ᠲᠠᠢ ᠵᠣᠯᠭ᠋ᠠᠭᠤᠯᠬᠤ ᠵᠢ ᠪᠡᠶᠡᠯᠡᠭᠦᠯᠵᠦ᠂ ᠵᠡᠮᠳᠡᠭᠴᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠵᠤ᠂ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ ᠪᠠ ᠵᠣᠯ ᠵᠢᠷᠭ᠋ᠠᠯᠲᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ