【 ᠪᠢ ᠤᠯᠠᠨ ᠲᠦᠮᠡᠨ᠎ᠳᠦ ᠪᠤᠲᠠᠲᠠᠢ ᠠᠵᠢᠯ ᠬᠢᠵᠦ᠍ ᠦᠭ᠌ᠭᠦᠶᠡ ᠭᠤᠴᠢ ᠶᠢᠰᠦᠳᠦᠭᠡᠷ ᠬᠤᠭᠤᠴᠠᠭ᠎ᠠ】 ᠪᠠᠶᠠᠨᠭᠤᠣᠯ ᠪᠠᠯᠭ᠋ᠠᠰᠤᠨ᠎ᠤ ᠰᠢᠷ᠎ᠠ ᠮᠣᠳᠣ ᠭᠠᠴᠠᠭ᠎ᠠ᠄ ᠰᠢᠭᠤᠳ ᠤᠤᠭᠤᠬᠤ ᠤᠰᠤᠨ᠎ᠤ ᠦᠷᠳᠡᠭᠡ ᠭᠠᠴᠠᠭ᠋ᠠᠨ᠎ᠤ ᠨᠠᠮ᠎ᠤᠨ ᠡᠭᠦᠷ᠎ᠲᠤ ᠣᠷᠣᠵᠤ ᠠᠷᠠᠳ᠎ᠤᠨ ᠰᠡᠳᠬᠢᠯ᠎ᠢ ᠳᠤᠯᠠᠭ᠋ᠠᠴᠠᠭᠤᠯᠪᠠ
ᠨᠡᠶ᠋ᠢᠲᠡᠯᠡᠭᠰᠡᠨ ᠴᠠᠭ᠄ 2025-10-10
ᠤᠢ᠍ᠢ᠍ᠷ᠎ᠠ ᠵᠢᠨ ᠬᠤᠭᠤᠴᠠᠭ᠋ᠠᠨ᠎ᠳᠤ᠂ ᠪᠠᠶᠠᠨᠭᠤᠣᠯ ᠪᠠᠯᠭ᠋ᠠᠰᠤ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠠᠷᠳᠠᠴᠠ ᠪᠣᠯᠭ᠋ᠠᠵᠤ᠂ 《ᠨᠡᠶ᠋ᠢᠭᠡᠮ ᠲᠣᠭᠤᠷᠢᠭ ᠪᠣᠯᠤᠨ ᠭᠠᠴᠠᠭ᠎ᠠ ᠲᠣᠰᠬᠤᠨ ᠬᠤᠤᠰᠯᠠᠨ ᠬᠠᠪᠰᠤᠷᠤᠨ ᠲᠡᠳᠬᠦᠬᠦ》 ᠵᠠᠭᠪᠤᠷ ᠵᠶ᠋ᠠᠷ ᠪᠦᠬᠦ ᠪᠠᠯᠭ᠋ᠠᠰᠤᠨ᠎ᠤ ᠺᠠᠳ᠋ᠷ᠎ᠤᠨ ᠡᠷᠦᠭᠡ᠎ᠳᠤ ᠬᠦᠷᠴᠦ ᠨᠡᠶ᠋ᠢᠳᠡᠮ ᠰᠤᠷᠪᠤᠯᠵᠢᠯᠠᠬᠤ ᠶᠠᠪᠤᠴᠠ᠎ᠳᠤ ᠤᠯᠠᠨ ᠲᠦᠮᠡᠨ᠎ᠤ ᠬᠠᠷᠢᠭᠤ ᠲᠤᠰᠬᠠᠭᠰᠠᠨ ᠠᠰᠠᠭᠤᠳᠠᠯ᠎ᠢ ᠬᠤᠷᠢᠶᠠᠩᠭᠤᠶ᠋ᠢᠯᠠᠨ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠶᠠᠪᠤᠳᠠᠯ᠎ᠢ ᠪᠣᠳᠠᠲᠠᠢ ᠬᠢᠵᠦ᠂ ᠠᠷᠠᠳ᠎ᠤᠨ ᠰᠠᠨᠠᠭ᠋ᠠᠨ᠎ᠳᠤ ᠨᠡᠶ᠋ᠢᠴᠡᠭᠰᠡᠨ ᠶᠠᠪᠤᠳᠠᠯ᠎ᠢ ᠰᠠᠶ᠋ᠢᠲᠤᠷ ᠬᠢᠵᠦ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ᠎ᠤ ᠬᠠᠷᠢᠴᠠᠭ᠎ᠠ ᠵᠢ ᠴᠢᠨᠠᠭᠰᠢᠳᠠ ᠨᠢᠭᠲᠠᠷᠠᠭᠤᠯᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃ ᠲᠣᠰ ᠡᠳᠦᠷ᠎ᠠᠴᠠ ᠡᠬᠢᠯᠡᠨ᠂ ᠪᠠᠶᠠᠨᠭᠤᠤᠯ ᠪᠠᠯᠭ᠋ᠠᠰᠤᠨ᠎ᠳᠤ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠲᠤᠰᠬᠠᠶ ᠪᠤᠯᠤᠩ ᠭᠠᠷᠭ᠋ᠠᠵᠤ᠂ ᠠᠷᠠᠳ ᠲᠦᠮᠡᠨ᠎ᠳᠤ ᠦᠢ᠍ᠯᠡᠴᠢᠯᠡᠵᠦ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠦᠢ᠍ᠯᠡ ᠠᠵᠢᠯᠯᠠᠭ᠎ᠠ ᠵᠢ ᠨᠡᠶ᠋ᠢᠲᠡᠯᠡᠵᠦ᠂ ᠣᠯᠠᠨ ᠲᠦᠮᠡᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠪᠡ᠃ ᠥᠨᠥᠳᠥᠷ ᠪᠢᠳᠡ ᠭᠤᠴᠢ ᠶᠢᠰᠦᠳᠦᠭᠡᠷ ᠬᠤᠭᠤᠴᠠᠭ᠎ᠠ ᠵᠢ ᠨᠡᠶ᠋ᠢᠲᠡᠯᠡᠨ᠎ᠡ᠄

ᠤᠤᠯ᠎ᠨᠢ ᠲᠦᠭᠡᠭᠡᠯ ᠤᠰᠤ ᠬᠤᠯᠢᠬᠤ᠎ᠠᠴᠠ ᠠᠶᠤᠳᠠᠭ᠂ ᠪᠤᠴᠠᠯᠤᠭᠰᠠᠨ ᠤᠰᠤ ᠵᠢ ᠪᠠᠰᠠ ᠬᠠᠭ᠋ᠠᠰ ᠡᠳᠦᠷ ᠬᠦᠯᠢᠶᠡᠬᠦ ᠬᠡᠷᠡᠭᠳᠡᠢ᠂ ᠤᠳᠤ ᠭᠠᠳᠠᠭᠰᠢ ᠬᠡᠳᠦᠨ ᠠᠯᠬᠤᠮ ᠭᠠᠷᠴᠤ᠂ ᠭᠤᠭᠤᠵᠢᠭᠤᠷᠢ ᠨᠡᠭᠡᠭᠡᠪᠡᠯ ᠳᠠᠷᠤᠢ ᠴᠡᠪᠡᠷ ᠤᠰᠤ ᠤᠤᠭᠤᠳᠠᠭ᠂ ᠨᠢᠭᠡ ᠮᠦᠩᠭᠦ ᠵᠣᠭᠤᠰ ᠵᠠᠷᠤᠬᠤ ᠬᠡᠷᠡᠭ ᠦᠭᠡᠢ!》 ᠭᠡᠵᠦ ᠬᠡᠯᠡᠪᠡ᠃ ᠱᠠᠯᠠᠮᠠᠭ᠋ᠠᠢ᠎ᠪᠠᠷ ᠭᠠᠴᠠᠭ᠋ᠠᠨ᠎ᠤ ᠠᠷᠠᠳ ᠤᠰᠤ ᠤᠮᠳᠠ ᠵᠢᠨ ᠠᠶᠠᠭ᠎ᠠ᠎ᠪᠠᠨ ᠪᠠᠷᠢᠵᠤ ᠪᠠᠶᠠᠷ ᠪᠠᠶᠠᠰᠬᠤᠯᠠᠩ ᠵᠶ᠋ᠠᠷ ᠪᠢᠯᠬᠠᠨ᠎ᠠ᠃ ᠲᠣᠰᠬᠤᠨ᠎ᠤ ᠠᠷᠠᠳ᠎ᠢ ᠲᠠᠰᠤᠷᠠᠯᠲᠠ ᠦᠭᠡᠢ ᠮᠠᠭᠲᠠᠨ ᠰᠠᠶ᠋ᠢᠰᠢᠶᠠᠵᠤ ᠰᠢᠭᠤᠳ ᠤᠤᠭᠤᠬᠤ ᠤᠰᠤᠨ᠎ᠤ ᠦᠷᠳᠡᠭᠡ ᠵᠢ ᠬᠠᠮᠲᠤ᠎ᠪᠠᠷ ᠡᠳ᠋ᠯᠡᠬᠦ ᠪᠣᠯ ᠭᠠᠴᠠᠭ᠋ᠠᠨ᠎ᠤ ᠨᠠᠮ᠎ᠤᠨ ᠡᠭᠦᠷ᠎ᠤᠨ 《ᠤᠰᠤ ᠤᠮᠳᠠ ᠵᠢᠨ ᠠᠮᠤᠷ ᠲᠦᠪᠰᠢᠨ》᠎ᠤ ᠠᠷᠠᠳ᠎ᠤᠨ ᠠᠮᠢᠳᠤᠷᠠᠯ᠎ᠤᠨ ᠪᠠᠭ᠎ᠠ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠭᠰᠡᠨ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ ᠵᠢ ᠦᠢ᠍ᠯᠡᠳᠦᠯᠭᠡᠵᠢᠭᠦᠯᠦᠭᠰᠡᠨ ᠠᠮᠢᠳᠤᠯᠢᠭ ᠦᠢ᠍ᠯᠡᠳᠦᠯᠭᠡ ᠪᠣᠯᠤᠨ᠎ᠠ᠃
ᠡᠭᠦᠨ᠎ᠠᠴᠠ ᠡᠮᠦᠨ᠎ᠡ᠂ ᠭᠠᠴᠠᠭ᠋ᠠᠨ᠎ᠤ ᠬᠡᠰᠡᠭ ᠲᠣᠰᠬᠤᠨ᠎ᠤ ᠠᠷᠠᠳ ᠡᠳᠦᠷ ᠲᠤᠲᠤᠮ᠎ᠤᠨ ᠤᠤᠭᠤᠬᠤ ᠤᠰᠤᠨ᠎ᠤ ᠴᠢᠨᠠᠷ᠎ᠤᠨ ᠲᠤᠬᠠᠶ ᠡᠷᠡᠭᠡᠯᠵᠡᠯ ᠲᠠᠲᠠᠭ᠋ᠠᠯᠵᠠᠵᠤ᠂ ᠴᠥᠭᠡᠨ ᠪᠤᠰᠤ ᠭᠡᠷ ᠪᠦᠯᠢ ᠨᠢᠭᠡ ᠪᠦᠯᠦᠭ ᠵᠣᠭᠤᠰ ᠵᠶ᠋ᠠᠷ ᠰᠠᠭᠤᠯᠠᠭ᠎ᠠ ᠤᠰᠤ ᠬᠤᠳᠠᠯᠳᠤᠨ ᠠᠪᠴᠤ᠂ ᠡᠰᠡᠬᠦᠯ᠎ᠡ ᠲᠦᠭᠡᠭᠡᠯ ᠤᠰᠤ ᠵᠢ ᠳᠠᠬᠢᠨ ᠳᠠᠪᠲᠠᠨ ᠰᠢᠲᠠᠭ᠋ᠠᠵᠤ᠂ ᠠᠮᠢᠳᠤᠷᠠᠯ᠎ᠤᠨ ᠥᠪᠡᠷ᠎ᠤᠨ ᠥᠷᠲᠡᠭ᠎ᠢ ᠨᠡᠮᠡᠭᠳᠡᠭᠦᠯᠬᠦ ᠮᠥᠷᠲᠡᠭᠡᠨ ᠪᠠᠰᠠ ᠪᠠᠭ᠎ᠠ ᠪᠤᠰᠤ ᠶᠠᠷᠰᠢᠭ ᠲᠦᠪᠡᠭ᠎ᠢ ᠨᠡᠮᠡᠭᠳᠡᠭᠦᠯᠵᠦ ᠪᠠᠶ᠋ᠢᠪᠠ᠃ ᠨᠠᠮ᠎ᠤᠨ ᠡᠭᠦᠷ ᠡᠳᠦᠷ ᠲᠤᠲᠤᠮ᠎ᠤᠨ ᠰᠤᠷᠪᠤᠯᠵᠢᠯᠠᠬᠤ ᠶᠠᠪᠤᠴᠠ᠎ᠳᠤ ᠡᠨᠡ ᠬᠦ᠌ ᠬᠡᠷᠡᠭᠴᠡᠭᠡ ᠵᠢ ᠮᠡᠳᠡᠭᠰᠡᠨ᠎ᠤ ᠳᠠᠷᠠᠭ᠎ᠠ᠂ 《ᠠᠮᠤᠷ ᠲᠦᠪᠰᠢᠨ ᠤᠤᠭᠤᠬᠤ ᠤᠰᠤᠨ᠎ᠤ ᠠᠰᠠᠭᠤᠳᠠᠯ᠎ᠢ ᠰᠢᠢ᠍ᠳᠪᠦᠷᠢᠯᠡᠬᠦ》 ᠵᠢ ᠦᠳᠲᠡᠷ ᠲᠦᠷᠭᠡᠨ ᠡᠳᠦᠷ ᠲᠤᠲᠤᠮ᠎ᠤᠨ ᠵᠥᠪᠯᠡᠬᠦ ᠵᠦᠢ᠍ᠯ᠎ᠳᠤ ᠣᠷᠣᠭᠤᠯᠵᠤ᠂ ᠣᠯᠠᠨ ᠤᠳᠠᠭ᠎ᠠ ᠬᠤᠷᠠᠯ ᠬᠤᠷᠠᠯᠳᠤᠭᠤᠯᠵᠤ ᠰᠤᠳᠤᠯᠤᠨ ᠶᠠᠷᠢᠯᠴᠠᠬᠤ ᠲᠥᠰᠦᠯ ᠭᠠᠷᠭ᠋ᠠᠵᠤ᠂ ᠨᠠᠮ᠎ᠤᠨ ᠭᠡᠰᠢᠭᠦᠨ ᠺᠠᠳ᠋ᠷ ᠲᠦᠷᠦᠭᠦᠯᠡᠨ ᠬᠡᠷ᠎ᠲᠤ᠎ᠨᠢ ᠬᠦᠷᠴᠦ ᠰᠠᠨᠠᠯ ᠬᠤᠷᠢᠶᠠᠵᠤ᠂ ᠲᠣᠰᠬᠤᠨ᠎ᠤ ᠠᠷᠠᠳ᠎ᠤᠨ ᠤᠰᠤ ᠠᠪᠬᠤ ᠳᠠᠳᠬᠠᠯ ᠪᠠ ᠬᠡᠷᠡᠭᠴᠡᠭᠡ ᠱᠠᠭ᠋ᠠᠷᠳᠠᠯᠭ᠎ᠠ ᠵᠢ ᠲᠣᠳᠣᠷᠬᠠᠶ ᠣᠶ᠋ᠢᠯᠠᠭ᠋ᠠᠪᠠ᠃ ᠰᠢᠭᠤᠳ ᠤᠤᠭᠤᠬᠤ ᠤᠰᠤᠨ᠎ᠤ ᠥᠷᠲᠡᠭᠡ ᠵᠢ ᠬᠡᠷᠡᠭᠯᠡᠭᠡᠨ᠎ᠤ ᠮᠥᠷᠲᠡᠭᠡᠨ ᠠᠷᠠᠳ᠎ᠲᠤ ᠲᠥᠬᠦᠮ ᠦᠵᠡᠭᠦᠯᠬᠦ ᠵᠢᠨ ᠲᠥᠯᠥᠭᠡ᠂ ᠨᠠᠮ᠎ᠤᠨ ᠡᠭᠦᠷ ᠣᠯᠠᠨ ᠲᠠᠯ᠎ᠠ᠎ᠪᠠᠷ ᠲᠤᠰᠬᠠᠶ ᠲᠥᠬᠦᠭᠡᠷᠦᠮᠵᠢ ᠵᠢᠨ ᠦᠢ᠍ᠯᠡᠳᠪᠦᠷᠢ᠎ᠲᠠᠢ ᠵᠣᠯᠭ᠋ᠠᠭᠤᠯᠵᠤ᠂ ᠱᠦᠭᠦᠬᠦ ᠨᠠᠷᠢᠯᠢᠭ᠎ᠨᠢ ᠥᠨᠳᠥᠷ᠂ ᠠᠵᠢᠯᠯᠠᠭᠤᠯᠵᠤ ᠬᠠᠮᠠᠭ᠋ᠠᠯᠠᠬᠤ᠎ᠳᠤ ᠲᠥᠬᠦᠮ ᠲᠥᠬᠦᠭᠡᠷᠦᠮᠵᠢ ᠵᠢ ᠤᠷᠢᠳᠠᠪᠠᠷ ᠰᠣᠩᠭᠤᠵᠤ᠂ ᠪᠠᠰᠠ ᠥᠷᠲᠡᠭᠡ ᠴᠡᠭ᠎ᠢ ᠭᠠᠴᠠᠭ᠋ᠠᠨ᠎ᠤ ᠠᠵᠢᠯᠯᠠᠭ᠋ᠠᠨ᠎ᠤ ᠲᠥᠪ᠎ᠤᠨ ᠬᠠᠵᠠᠭᠤ᠎ᠳᠤ ᠣᠨᠴᠠᠭ᠋ᠠᠶ᠋ᠢᠯᠠᠨ ᠰᠣᠩᠭᠤᠭᠰᠠᠨ ᠪᠠᠶ᠋ᠢᠨ᠎ᠠ᠃ ᠤᠭᠰᠠᠷᠠᠬᠤ ᠬᠤᠭᠤᠴᠠᠭ᠋ᠠᠨ᠎ᠳᠤ᠂ ᠨᠠᠮ᠎ᠤᠨ ᠭᠡᠰᠢᠭᠦᠨ ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠰᠠᠨᠠᠭ᠋ᠠᠴᠢᠯᠠᠭ᠎ᠠ᠎ᠠᠴᠠ᠎ᠪᠠᠨ ᠲᠣᠨᠤᠭ ᠲᠥᠬᠦᠭᠡᠷᠦᠮᠵᠢ ᠵᠢ ᠬᠠᠪᠰᠤᠷᠤᠨ ᠵᠥᠭᠡᠭᠡᠪᠦᠷᠢᠯᠡᠵᠦ᠂ ᠬᠠᠪᠰᠤᠷᠤᠨ ᠲᠤᠷᠰᠢᠵᠤ᠂ ᠪᠠᠰᠠ ᠲᠥᠬᠦᠭᠡᠷᠦᠮᠵᠢ ᠵᠢᠨ ᠬᠠᠵᠠᠭᠤ᠎ᠳᠤ ᠬᠡᠷᠡᠭᠯᠡᠬᠦ ᠵᠦᠭᠯᠡᠭᠦᠷ᠎ᠢ ᠰᠠᠶ᠋ᠢᠲᠤᠷ ᠨᠠᠭ᠋ᠠᠵᠤ᠂ ᠭᠠᠷ᠎ᠲᠤ᠎ᠪᠠᠨ ᠨᠠᠰᠤᠲᠠᠶ᠋ᠢᠴᠤᠳ᠎ᠢ ᠵᠢᠭ᠋ᠠᠨ ᠵᠢᠯᠣᠭᠤᠳᠴᠤ ᠠᠵᠢᠯᠯᠠᠭᠤᠯᠪᠠ; ᠲᠥᠬᠦᠭᠡᠷᠦᠮᠵᠢ ᠵᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠨᠠᠮ᠎ᠤᠨ ᠭᠡᠰᠢᠭᠦᠳ ᠪᠠᠰᠠ ᠲᠣᠭᠲᠠᠮᠠᠯ ᠬᠤᠭᠤᠴᠠᠭ᠎ᠠ᠎ᠲᠠᠢ᠎ᠪᠠᠷ ᠱᠦᠭᠦᠬᠦ ᠭᠤᠤᠯ᠂ ᠮᠠᠰᠢᠨ᠎ᠢ ᠪᠠᠶ᠋ᠢᠴᠠᠭ᠋ᠠᠵᠤ᠂ ᠲᠣᠰᠬᠤᠨ᠎ᠤ ᠠᠷᠠᠳ᠎ᠤᠨ ᠰᠠᠨᠠᠭ᠎ᠠ ᠠᠮᠤᠷ ᠤᠰᠤ ᠤᠤᠭᠤᠬᠤ ᠵᠢ ᠪᠠᠲᠤᠯᠠᠪᠠ᠃ ᠨᠢᠭᠡ ᠴᠣᠮᠣ ᠰᠢᠭᠤᠳ ᠤᠤᠭᠤᠬᠤ ᠤᠰᠤ᠎ᠨᠢ ᠨᠠᠮ᠎ᠤᠨ ᠡᠭᠦᠷ᠎ᠤᠨ ᠲᠣᠰᠬᠤᠨ᠎ᠤ ᠠᠷᠠᠳ᠎ᠢ ᠰᠠᠨᠠᠭ᠋ᠠᠰᠢᠷᠠᠭᠤᠯᠵᠤ ᠪᠠᠶ᠋ᠢᠨ᠎ᠠ᠃ ᠰᠢᠷ᠎ᠠ ᠮᠤᠳᠤ ᠭᠠᠴᠠᠭ᠋ᠠᠨ᠎ᠤ ᠨᠠᠮ᠎ᠤᠨ ᠡᠭᠦᠷ 《ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ》 ᠪᠣᠳᠠᠲᠤ ᠶᠠᠪᠤᠳᠠᠯ ᠵᠶ᠋ᠠᠷ ᠵᠶ᠋ᠠᠨ ᠬᠠᠶ᠋ᠢᠷ᠎ᠠ ᠬᠠᠯᠠᠮᠵᠢ ᠵᠢ ᠲᠣᠰᠬᠤᠨ᠎ᠤ ᠠᠷᠠᠳ᠎ᠤᠨ ᠰᠡᠳᠬᠢᠯ᠎ᠳᠤ ᠬᠦᠷᠭᠡᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ 《ᠲᠥᠪᠯᠡᠩᠭᠦᠢ ᠬᠦᠴᠦᠨ》 ᠵᠶ᠋ᠠᠷ ᠲᠤᠰᠤᠯ ᠤᠰᠤ ᠪᠣᠯᠭ᠋ᠠᠨ᠎ᠳᠤ ᠠᠭ᠋ᠠᠵᠢᠮ ᠵᠶ᠋ᠠᠷ ᠨᠢᠭᠲᠠᠷᠠᠭᠤᠯᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ