ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠳ᠋ᠦ᠋ ᠺᠸᠦ ᠪᠠᠯᠭ᠋ᠠᠰᠤᠨ᠎ᠤ ᠨᠠᠮᠤᠷ᠎ᠤᠨ ᠤᠰᠤᠯᠠᠯᠲᠠ ᠵᠢᠨ ᠠᠵᠢᠯ ᠪᠦᠬᠦ ᠲᠠᠯ᠎ᠠ᠎ᠪᠠᠷ ᠡᠬᠢᠯᠡᠪᠡ

ᠨᠡᠶ᠋ᠢᠲᠡᠯᠡᠭᠰᠡᠨ ᠴᠠᠭ᠄   2025-11-03

ᠠᠯᠲᠠᠨ ᠨᠠᠮᠤᠷ᠎ᠤᠨ ᠤᠯᠠᠷᠢᠯ᠎ᠳᠤ᠂ ᠲᠠᠷᠢᠶᠠᠨ ᠭᠠᠵᠠᠷ᠎ᠤᠨ ᠨᠠᠮᠤᠷ᠎ᠤᠨ ᠤᠰᠤᠯᠠᠯᠲᠠ ᠵᠢᠨ ᠵᠠᠩᠭᠢᠯᠠᠭ᠎ᠠ ᠵᠢᠨ ᠬᠤᠭᠤᠴᠠᠭ᠎ᠠ ᠪᠤᠯᠵᠤ ᠪᠠᠶ᠋ᠢᠨ᠎ᠠ᠃ ᠤᠶ᠋ᠢᠷ᠎ᠠ᠎ᠳᠤ᠂ ᠳ᠋ᠦ᠋ ᠺᠸᠦ ᠪᠠᠯᠭ᠋ᠠᠰᠤ ᠨᠠᠮᠤᠷ᠎ᠤᠨ ᠤᠯᠠᠷᠢᠯ᠎ᠤᠨ ᠤᠰᠤᠯᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠡᠬᠢᠯᠡᠭᠦᠯᠵᠦ᠂ ᠲᠣᠰ ᠵᠢᠯ᠎ᠳᠤ 5.8 ᠲᠦᠮᠡᠨ ᠮᠥ᠍ ᠲᠠᠷᠢᠶᠠᠨ ᠭᠠᠵᠠᠷ᠎ᠤᠨ ᠨᠠᠮᠤᠷ ᠤᠰᠤᠯᠠᠬᠤ ᠡᠭᠦᠷᠭᠡ ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠶ ᠲᠥᠯᠥᠪᠯᠡᠬᠦ᠂ ᠨᠠᠷᠢᠯᠢᠭ ᠣᠨᠣᠴᠠᠲᠠᠶ᠎ᠪᠠᠷ ᠦᠢ᠍ᠯᠡᠴᠢᠯᠡᠬᠦ᠎ᠪᠠᠷ ᠳᠠᠮᠵᠢᠭᠤᠯᠤᠨ᠂ ᠬᠠᠷᠢᠶᠠᠲᠤ ᠣᠷᠣᠨ᠎ᠤ ᠲᠠᠷᠢᠶᠠᠨ ᠭᠠᠵᠠᠷ᠎ᠤᠨ《ᠴᠠᠩᠭ᠋ᠠᠭ᠎ᠠ ᠲᠠᠶ᠋ᠢᠯᠬᠤ》᠂ ᠢᠷᠡᠬᠦ ᠵᠢᠯ᠎ᠤᠨ ᠲᠠᠷᠢᠶᠠᠯᠠᠩ᠎ᠤᠨ ᠡᠯᠪᠡᠭ ᠬᠤᠷᠢᠶᠠᠯᠲᠠ ᠤᠯᠬᠤ᠎ᠳᠤ ᠬᠥᠷᠥᠰᠥ ᠰᠢᠷᠣᠶ ᠵᠢᠨ ᠴᠢᠭᠢᠭ᠎ᠤᠨ ᠪᠠᠶ᠋ᠢᠳᠠᠯ᠎ᠤᠨ ᠰᠠᠭᠤᠷᠢ ᠵᠢ ᠪᠠᠬᠢᠵᠢᠭᠦᠯᠬᠦ᠎ᠪᠠᠷ ᠲᠥᠯᠥᠪᠯᠡᠵᠦ ᠪᠠᠶ᠋ᠢᠨ᠎ᠠ᠃

ᠨᠠᠮᠤᠷ᠎ᠤᠨ ᠤᠰᠤᠯᠠᠯᠲᠠ ᠵᠢᠨ ᠠᠵᠢᠯ᠎ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠬᠤ ᠵᠢᠨ ᠲᠥᠯᠥᠭᠡ᠂ ᠳ᠋ᠦ᠋ ᠺᠧᠦ ᠪᠠᠯᠭ᠋ᠠᠰᠤ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠶ ᠪᠠᠶ᠋ᠢᠷᠢᠯᠠᠭᠤᠯᠪᠠ᠃ ᠨᠢᠭᠡ ᠲᠠᠯ᠎ᠠ᠎ᠪᠠᠷ᠂ ᠪᠠᠯᠭ᠋ᠠᠰᠤ ᠲᠣᠰᠬᠤᠨ᠎ᠤ ᠺᠠᠳ᠋ᠷᠴᠤᠳ᠎ᠢ ᠵᠣᠬᠢᠶᠠᠨ ᠪᠠᠶ᠋ᠢᠭᠤᠯᠵᠤ᠂ ᠬᠠᠷᠢᠶ᠎ᠠ ᠣᠷᠣᠨ᠎ᠤ᠎ᠪᠠᠨ ᠤᠰᠤᠯᠠᠯᠲᠠ ᠵᠢᠨ ᠵᠠᠮ ᠵᠡᠷᠭᠡ ᠤᠰᠤᠨ ᠠᠰᠢᠭᠯᠠᠯᠲᠠ ᠵᠢᠨ ᠲᠥᠬᠦᠭᠡᠷᠦᠮᠵᠢ ᠵᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠰᠡᠯᠪᠢᠨ ᠵᠠᠰᠠᠵᠤ᠂ ᠰᠤᠪᠠᠭ᠎ᠤᠨ ᠯᠠᠭ ᠰᠢᠪᠠᠷ᠎ᠢ ᠴᠠᠭ ᠲᠤᠬᠠᠶ᠎ᠳᠤᠨᠢ ᠴᠡᠪᠡᠷᠯᠡᠵᠦ᠂ ᠡᠪᠳᠡᠷᠡᠵᠦ ᠰᠦᠢ᠍ᠳᠦᠭᠰᠡᠨ ᠰᠤᠪᠠᠭ᠎ᠤᠨ ᠠᠮᠠᠰᠠᠷ᠎ᠢ ᠰᠡᠯᠪᠢᠨ ᠵᠠᠰᠠᠵᠤ᠂ ᠤᠰᠤᠯᠠᠯᠲᠠ ᠵᠢᠨ ᠰᠠᠭ᠋ᠠᠳ ᠦᠭᠡᠶ ᠨᠡᠪᠲᠡᠷᠡᠬᠦ ᠵᠢ ᠪᠠᠲᠤᠯᠠᠨ᠎ᠠ; ᠨᠥᠭᠦᠭᠡ ᠲᠠᠯ᠎ᠠ᠎ᠪᠠᠷ᠂ ᠡᠯ᠎ᠡ ᠲᠣᠰᠬᠤᠨ᠎ᠤ ᠲᠠᠷᠢᠶᠠᠨ ᠭᠠᠵᠠᠷ᠎ᠤᠨ ᠲᠠᠯᠠᠪᠠᠢ᠂ ᠲᠠᠷᠢᠮᠠᠯ᠎ᠤᠨ ᠲᠦᠷᠦᠯ ᠵᠦᠢ᠍ᠯ ᠵᠢᠴᠢ ᠬᠥᠷᠥᠰᠥ ᠰᠢᠷᠣᠶ ᠵᠢᠨ ᠴᠢᠭᠢᠭ᠎ᠤᠨ ᠪᠠᠶ᠋ᠢᠳᠠᠯ᠎ᠢ ᠦᠨᠳᠦᠰᠦᠯᠡᠨ᠂ ᠨᠠᠮᠤᠷ᠎ᠤᠨ ᠤᠰᠤᠯᠠᠯᠲᠠ ᠵᠢᠨ ᠲᠥᠯᠥᠪᠯᠡᠭᠡ ᠲᠣᠭᠲᠠᠭ᠋ᠠᠵᠤ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠲᠣᠬᠢᠷᠠᠭᠤᠯᠤᠨ᠂ ᠪᠦᠷᠢᠯᠭᠡᠨ ᠰᠦᠢ᠍ᠳᠬᠡᠬᠦ᠎ᠠᠴᠠ ᠵᠠᠶ᠋ᠢᠯᠠᠰᠬᠢᠨ᠎ᠡ᠃

ᠨᠠᠮᠤᠷ᠎ᠤᠨ ᠤᠰᠤᠯᠠᠯᠲᠠ ᠵᠢᠨ ᠲᠤᠬᠠᠶ ᠵᠢᠨ ᠲᠠᠯᠠᠪᠠᠶ᠎ᠳᠤ᠂ ᠪᠠᠯᠭ᠋ᠠᠰᠤ ᠲᠣᠰᠬᠤᠨ᠎ᠤ ᠺᠠᠳ᠋ᠷ ᠲᠠᠷᠢᠶᠠᠨ ᠭᠠᠵᠠᠷ᠎ᠲᠤ ᠭᠦᠨᠵᠡᠭᠡᠶ᠋ᠢᠷᠡᠨ᠂ ᠤᠰᠤᠯᠠᠯᠲᠠ ᠵᠢᠨ ᠶᠠᠪᠤᠴᠠ᠎ᠳᠤ ᠢᠯᠡᠷᠡᠭᠰᠡᠨ ᠵᠥᠷᠢᠴᠡᠯ ᠵᠢᠭᠤᠷᠠᠯᠳᠤᠭ᠋ᠠᠨ᠂ ᠲᠥᠬᠦᠭᠡᠷᠦᠮᠵᠢ ᠵᠢᠨ ᠰᠠᠭ᠋ᠠᠳ ᠵᠡᠷᠭᠡ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢ᠍ᠳᠪᠦᠷᠢᠯᠡᠵᠦ᠂ ᠨᠠᠮᠤᠷ᠎ᠤᠨ ᠤᠰᠤᠯᠠᠯᠲᠠ ᠵᠢᠨ ᠠᠬᠢᠴᠠ ᠬᠤᠴᠣᠷᠤᠩᠭᠤᠶ᠂ ᠶᠠᠰᠤ ᠴᠢᠨᠠᠷ ᠪᠠᠲᠤᠯᠠᠭ᠎ᠠ᠎ᠲᠠᠢ ᠪᠠᠶ᠋ᠢᠬᠤ ᠵᠢ ᠦᠨᠡᠨᠬᠦ ᠪᠠᠲᠤᠯᠠᠪᠠ᠃

ᠳᠠᠷᠠᠭ᠋ᠠᠴᠢ ᠵᠢᠨ ᠠᠯᠬᠤᠮ᠎ᠳᠤ᠂ ᠳ᠋ᠦ᠋ ᠺᠸᠦ ᠪᠠᠯᠭ᠋ᠠᠰᠤ ᠨᠠᠮᠤᠷ᠎ᠤᠨ ᠤᠰᠤᠯᠠᠯᠲᠠ ᠵᠢᠨ ᠠᠬᠢᠴᠠ ᠵᠢ ᠦᠷᠭᠦᠯᠵᠢᠯᠡᠨ ᠴᠢᠩᠭ᠎ᠠ ᠠᠩᠬᠠᠷᠴᠤ᠂ ᠬᠥᠳᠡᠯᠦᠩᠭᠦᠢ ᠬᠢᠨᠠᠨ ᠬᠡᠮᠵᠢᠯᠲᠡ ᠪᠣᠯᠤᠨ ᠦᠢ᠍ᠯᠡᠴᠢᠯᠡᠭᠡ ᠵᠢ ᠴᠢᠩᠭ᠋ᠠᠳᠬᠠᠵᠤ᠂ ᠪᠦᠬᠦ ᠪᠠᠯᠭ᠋ᠠᠰᠤᠨ᠎ᠤ ᠨᠠᠮᠤᠷ᠎ᠤᠨ ᠤᠰᠤᠯᠠᠯᠲᠠ ᠵᠢᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠪᠠᠲᠤᠯᠠᠵᠤ᠂ ᠢᠷᠡᠬᠦ ᠵᠢᠯ᠎ᠤᠨ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ