ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠪᠠᠶᠠᠨᠭᠤᠣᠯ ᠪᠠᠯᠭ᠋ᠠᠰᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠢ ᠬᠠᠮᠲᠤᠷᠠᠨ 《ᠭᠡᠷ᠎ᠲᠤᠨᠢ ᠬᠦᠷᠴᠦ ᠬᠠᠬᠢᠷ ᠡᠪᠦᠯ᠎ᠢ ᠬᠠᠯᠠᠮᠵᠢᠯᠠᠨ ᠬᠠᠶ᠋ᠢᠷᠠᠯᠠᠬᠤ》 ᠠᠵᠢᠯᠯᠠᠭ᠎ᠠ ᠥᠷᠨᠢᠭᠦᠯᠪᠡ

ᠨᠡᠶ᠋ᠢᠲᠡᠯᠡᠭᠰᠡᠨ ᠴᠠᠭ᠄   2025-11-25

11 ᠰᠠᠷ᠎ᠠ ᠵᠢᠨ 19᠎ᠤ ᠡᠳᠦᠷ᠂ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠠᠯᠠᠭᠤᠨ ᠰᠡᠳᠬᠢᠯᠭᠡ᠎ᠪᠠᠷ ᠭᠡᠷ᠎ᠲᠤᠨᠢ ᠣᠷᠣᠵᠤ᠂ ᠬᠠᠬᠢᠷ ᠡᠪᠦᠯ᠎ᠤᠨ ᠬᠦᠬᠡᠭᠡ ᠰᠠᠷ᠎ᠠ ᠬᠠᠪᠤᠷ᠎ᠢ ᠳᠤᠯᠠᠭ᠋ᠠᠷᠠᠬᠤ》 ᠠᠵᠢᠯᠯᠠᠭ᠎ᠠ ᠪᠠᠶᠠᠨᠭᠤᠣᠯ ᠪᠠᠯᠭ᠋ᠠᠰᠤᠨ᠎ᠳᠤ ᠬᠦᠷᠴᠦ᠂ ᠬᠦᠴᠢᠷᠳᠡᠯᠲᠡᠶ ᠣᠯᠠᠨ ᠲᠦᠮᠡᠨ᠎ᠳᠤ ᠡᠪᠦᠯ᠎ᠤᠨ ᠡᠳᠦᠷ᠎ᠤᠨ ᠬᠠᠯᠠᠭᠤᠨ ᠳᠤᠯᠠᠭ᠋ᠠᠨ᠎ᠢ ᠬᠦᠷᠭᠡᠪᠡ᠃ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠧᠶ ᡂᠢ ᠬᠤᠩ ᠡᠯ᠎ᠡ ᠨᠡᠶ᠋ᠢᠭᠡᠮ ᠲᠣᠭᠤᠷᠢᠭ᠂ ᠭᠠᠴᠠᠭ᠎ᠠ ᠲᠣᠰᠬᠤᠨ᠎ᠳᠤ ᠬᠦᠷᠴᠦ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠪᠠᠶᠠᠨᠭᠤᠣᠯ ᠪᠠᠯᠭ᠋ᠠᠰᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠪᠠᠯᠭ᠋ᠠᠰᠤᠨ᠎ᠤ ᠳᠠᠷᠤᠭ᠎ᠠ ᠸᠧᠶ ᠵᠧᠨ ᠪᠣᠯᠤᠨ ᠬᠠᠮᠢᠶ᠎ᠠ ᠪᠦᠬᠦᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠪᠠ᠃

ᠲᠣᠬᠤᠨᠢᠭᠤᠯᠬᠤ ᠳᠤᠭᠤᠶ᠋ᠢᠯᠠᠩ᠎ᠤᠨ᠎ᠬᠢᠨ ᠪᠠᠯᠭ᠋ᠠᠰᠤ᠂ ᠲᠣᠰᠬᠤᠨ᠎ᠤ ᠠᠵᠢᠯᠲᠠᠨ᠎ᠤ ᠳᠠᠭ᠋ᠠᠭᠤᠯᠭ᠎ᠠ ᠳᠣᠤᠷ᠎ᠠ᠂ ᠡᠯ᠎ᠡ ᠭᠠᠴᠠᠭ᠎ᠠ ᠲᠣᠰᠬᠤᠨ᠂ ᠨᠡᠶ᠋ᠢᠭᠡᠮ ᠲᠣᠭᠤᠷᠢᠭ᠎ᠲᠤ ᠭᠦᠨᠵᠡᠭᠡᠶ᠋ᠢᠷᠡᠵᠦ᠂ ᠤᠷᠢᠳ ᠬᠤᠵᠢᠳ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶ᠋ᠢᠭ᠎ᠠ ᠬᠥᠮᠦᠰ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠭᠰᠡᠳ ᠵᠢᠴᠢ ᠬᠦᠴᠢᠷᠳᠡᠯᠲᠡᠶ ᠵᠡᠮᠳᠡᠭᠴᠦᠳ᠎ᠤᠨ ᠬᠡᠷ᠎ᠲᠤ ᠬᠦᠷᠴᠦ ᠲᠣᠬᠤᠨᠢᠭᠤᠯᠪᠠ᠃ ᠸᠧᠶ ᡂᠢ ᠬᠤᠩ ᠥᠪᠡᠷ᠎ᠤᠨ ᠭᠠᠷ ᠵᠶ᠋ᠠᠷ ᠵᠶ᠋ᠠᠨ ᠡᠪᠦᠯ᠎ᠢ ᠲᠤᠭᠤᠯᠬᠤ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ ᠵᠢ ᠣᠯᠠᠨ ᠲᠦᠮᠡᠨ᠎ᠳᠤ ᠲᠤᠰᠢᠶᠠᠵᠤ᠂ ᠲᠣᠬᠤᠨᠢᠭᠤᠯᠬᠤ ᠡᠲᠡᠭᠡᠳ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠪᠡᠶ᠎ᠡ ᠵᠢᠨ ᠪᠠᠶ᠋ᠢᠳᠠᠯ᠂ ᠬᠡᠷ ᠪᠦᠯᠢ ᠵᠢᠨ ᠠᠮᠢᠳᠤᠷᠠᠯ ᠪᠠ ᠬᠦᠢ᠍ᠲᠡᠨ᠎ᠠᠴᠠ ᠰᠡᠷᠭᠡᠶ᠋ᠢᠯᠡᠬᠦ ᠡᠳ᠋ ᠪᠣᠳᠠᠰ᠎ᠤᠨ ᠨᠥᠭᠡᠴᠡᠯᠡᠯᠲᠡ ᠵᠢᠨ ᠪᠠᠶ᠋ᠢᠳᠠᠯ᠎ᠢ ᠨᠠᠷᠢᠨ ᠠᠰᠠᠭᠤᠪᠠ᠃ ᠸᠧᠢ ᠵᠧᠨ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠪᠠᠶᠠᠨᠭᠤᠣᠯ ᠪᠠᠯᠭ᠋ᠠᠰᠤᠨ᠎ᠤ ᠠᠷᠠᠳ᠎ᠤᠨ ᠠᠮᠢᠳᠤᠷᠠᠯ᠎ᠤᠨ ᠠᠵᠢᠯ᠎ᠢ ᠤᠷᠳᠤ ᠬᠤᠭᠤᠴᠠᠭ᠋ᠠᠨ᠎ᠤ ᠲᠤᠷᠰᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠬᠦ ᠵᠢᠨ ᠬᠠᠮᠲᠤ ᠪᠠᠯᠭ᠋ᠠᠰᠤᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

ᠲᠣᠰ ᠤᠳᠠᠭ᠋ᠠᠨ᠎ᠤ ᠲᠣᠬᠤᠨᠢᠭᠤᠯᠬᠤ ᠠᠵᠢᠯᠯᠠᠭ᠎ᠠ᠎ᠨᠢ ᠪᠠᠶᠠᠨᠭᠤᠤᠯ ᠪᠠᠯᠭ᠋ᠠᠰᠤᠨ᠎ᠤ ᠣᠯᠠᠨ ᠲᠦᠮᠡᠨ᠎ᠳᠤ ᠨᠠᠮ ᠪᠠ ᠵᠠᠰᠠᠭ᠎ᠤᠨ ᠣᠷᠳᠣᠨ᠎ᠤ ᠬᠠᠶ᠋ᠢᠷ᠎ᠠ ᠬᠠᠯᠠᠮᠵᠢ ᠵᠢ ᠦᠨᠡᠨ ᠬᠦ᠌ ᠮᠡᠳᠡᠷᠡᠭᠦᠯᠪᠡ᠃ ᠣᠯᠠᠨ ᠵᠶ᠋ᠠᠷ ᠵᠶ᠋ᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠡᠨᠡ ᠬᠦ᠌ ᠰᠡᠳᠬᠢᠯ ᠰᠠᠨᠠᠭ᠎ᠠ᠎ᠨᠢ ᠦᠨᠡᠨ ᠪᠣᠳᠠᠲᠠᠶ ᠪᠥᠭᠡᠳ ᠬᠠᠯᠠᠭᠤᠨ ᠳᠤᠯᠠᠭ᠋ᠠᠨ ᠪᠠᠶ᠋ᠢᠯ᠎ᠠ᠃ ᠳᠠᠷᠠᠭ᠋ᠠᠴᠢ ᠵᠢᠨ ᠠᠯᠬᠤᠮ᠎ᠳᠤ᠂ ᠪᠠᠶᠠᠨᠭᠤᠣᠯ ᠪᠠᠯᠭ᠋ᠠᠰᠤ ᠲᠤᠰ ᠤᠳᠠᠭ᠋ᠠᠨ᠎ᠤ ᠠᠵᠢᠯᠯᠠᠭ᠎ᠠ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠦᠷᠭᠦᠯᠵᠢᠯᠡᠨ ᠰᠠᠶ᠋ᠢᠲᠤᠷ ᠬᠠᠮᠵᠢᠯᠴᠠᠵᠤ᠂ ᠬᠦᠴᠢᠷᠳᠡᠯᠲᠡᠢ ᠤᠯᠠᠨ ᠲᠦᠮᠡᠨ᠎ᠤ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠪᠠ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡᠨ᠎ᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠦᠨᠡᠨᠬᠦ ᠰᠠᠬᠢᠵᠤ᠂ ᠣᠨᠣᠪᠴᠢᠲᠠᠢ ᠰᠠᠬᠢᠵᠤ᠂ ᠰᠠᠶ᠋ᠢᠲᠤᠷ ᠰᠠᠬᠢᠵᠤ᠂ ᠪᠠᠶᠠᠨᠭᠤᠣᠯ ᠪᠠᠯᠭ᠋ᠠᠰᠤᠨ᠎ᠤ ᠬᠥᠭᠵᠢᠯᠲᠡ ᠵᠢᠨ ᠦᠷ᠎ᠡ ᠪᠦᠲᠦᠭᠡᠯ᠎ᠢ ᠤᠯᠠᠨ ᠲᠦᠮᠡᠨ ᠨᠢᠭᠡᠪᠦᠷᠢ᠎ᠳᠤ ᠬᠦᠷᠲᠡᠭᠡᠨ᠎ᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ