ᠮᠠ ᠬᠠᠢ ᠪᠥᠸᠧ ᠨᠡᠷ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠠᠬᠠᠮᠠᠳ ᠰᠢᠶᠠᠨ᠎ᠤ ᠨᠠᠮ᠎ᠤᠨ ᠬᠤᠷᠢᠶᠠᠨ᠎ᠤ ᠶᠡᠭᠡ ᠬᠦᠷᠢᠶᠡᠨ᠎ᠤ ᠡᠷᠬᠢᠨ ᠲᠣᠭᠤᠷᠢᠨ᠎ᠤ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-07-01
6 ᠰᠠᠷ᠎ᠠ ᠵᠢᠨ 30᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶᠠᠨ᠎ᠤ ᠱᠦᠵᠢ ᠮᠠ ᠬᠠᠶ ᠪᠥᠸᠧ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠲᠠᠩ ᠳ᠋ᠦᠩ ᠨᠢᠶᠠᠨ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠠᠬᠠᠮᠠᠳ ᠰᠢᠶᠠᠨ᠎ᠤ ᠨᠠᠮ᠎ᠤᠨ ᠬᠤᠷᠢᠶᠠᠨ᠎ᠤ ᠶᠡᠭᠡ ᠬᠦᠷᠢᠶᠡᠨ᠎ᠤ ᠡᠷᠬᠢᠨ ᠲᠣᠭᠤᠷᠢᠨ᠎ᠤ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃

ᠮᠠ ᠬᠠᠢ ᠪᠥᠸᠧ ᠨᠡᠷ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ᠂ ᠲᠤᠬᠠᠢ ᠵᠢᠨ ᠭᠠᠵᠠᠷ᠎ᠲᠤᠨᠢ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠠᠬᠠᠮᠠᠳ ᠰᠢᠶᠠᠨ᠎ᠤ ᠨᠠᠮ᠎ᠤᠨ ᠬᠤᠷᠢᠶᠠᠨ᠎ᠤ ᠶᠡᠭᠡ ᠬᠦᠷᠢᠶᠡᠯᠡᠩ᠎ᠤᠨ ᠢᠵᠢ ᠪᠦᠷᠢᠳᠦᠭᠰᠡᠨ ᠲᠥᠬᠦᠭᠡᠷᠦᠮᠵᠢ ᠵᠢ ᠲᠡᠭᠦᠯᠳᠡᠷᠵᠢᠭᠦᠯᠵᠦ ᠪᠠᠶ᠋ᠢᠭ᠎ᠠ ᠪᠠ ᠠᠬᠠᠮᠠᠳ ᠰᠢᠶᠠᠨ᠎ᠤ ᠨᠠᠮ᠎ᠤᠨ ᠬᠤᠷᠢᠶᠠᠨ᠎ᠤ ᠡᠷᠬᠢᠨ ᠲᠣᠭᠤᠷᠢᠨ᠎ᠤ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠢ ᠨᠠᠷᠢᠨ ᠨᠢᠭᠲᠠ ᠵᠢᠭ᠋ᠠᠨ ᠵᠢᠯᠣᠭᠤᠳᠪᠠ᠃

ᠮᠠ ᠬᠠᠢ ᠪᠥᠸᠧ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠵᠣᠬᠢᠰᠲᠠᠢ ᠲᠥᠯᠥᠪᠵᠢᠭᠦᠯᠦᠨ ᠪᠠᠶ᠋ᠢᠷᠢᠰᠢᠭᠤᠯᠵᠤ᠂ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ ᠢᠵᠢ ᠪᠦᠷᠢᠳᠦᠭᠰᠡᠨ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠠᠵᠤ ᠠᠬᠤᠢ ᠰᠣᠶᠣᠯ ᠵᠤᠭ᠋ᠠᠴᠠᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠣᠨᠴᠠᠯᠢᠭ᠎ᠢ ᠲᠤᠪᠤᠶ᠋ᠢᠯᠭ᠋ᠠᠵᠦ᠂ ᠶᠠᠰᠤ ᠴᠢᠨᠠᠷ᠎ᠢ ᠴᠢᠬᠤᠯᠠᠴᠢᠯᠠᠵᠤ᠂ ᠣᠷᠣᠨ ᠪᠠᠶ᠋ᠢᠷᠢ ᠵᠢᠨ ᠳᠠᠪᠠᠭᠤᠯᠢᠭ᠎ᠲᠤ ᠲᠦᠰᠢᠭᠯᠡᠵᠦ᠂ ᠬᠥᠳᠡᠭᠡ ᠲᠣᠰᠬᠤᠨ᠎ᠤ ᠵᠤᠭ᠋ᠠᠴᠠᠯ᠎ᠤᠨ ᠠᠵᠤ ᠦᠢ᠍ᠯᠡᠰ᠎ᠢ ᠬᠥᠭᠵᠢᠭᠦᠯᠵᠦ᠂ ᠬᠤᠪᠢᠰᠬᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠦᠨᠡᠨᠬᠦ ᠠᠵᠤ ᠠᠬᠤᠢ ᠵᠢᠨ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠣᠷᠴᠢᠨ ᠲᠣᠭᠤᠷᠢᠨ᠎ᠢ ᠵᠠᠰᠠᠬᠤ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠬᠠᠷᠢᠯᠴᠠᠨ ᠤᠶᠠᠯᠳᠤᠭᠤᠯᠵᠤ᠂ ᠣᠷᠴᠢᠨ ᠲᠣᠭᠤᠷᠢᠨ᠎ᠢ ᠴᠡᠭᠴᠡᠯᠡᠨ ᠵᠠᠰᠠᠬᠤ᠎ᠳᠤ ᠥᠨᠴᠥᠭ ᠪᠤᠯᠤᠩ ᠦᠭᠡᠢ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠵᠤ᠂ ᠵᠠᠮ ᠪᠠ ᠬᠤᠶᠠᠷ ᠬᠠᠵᠠᠭᠤ ᠵᠢᠨ ᠮᠣᠳᠣᠨ᠎ᠤ ᠡᠳᠦᠷ ᠲᠤᠳᠤᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠤ ᠴᠢᠨᠠᠷ ᠳᠡᠰ᠎ᠢ ᠳᠡᠭᠡᠭᠰᠢᠯᠡᠭᠦᠯᠬᠦ ᠬᠡᠷᠡᠭᠲᠡᠢ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ