ᠯᠢ ᡁᠢ ᠰᠢᠶᠦ᠋ᠩ ᠨᠡᠷ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠪᠤᠭᠤᠳᠠᠢ ᠵᠢ ᠵᠠᠯᠭ᠋ᠠᠯᠳᠤᠭᠤᠯᠤᠨ ᠲᠠᠷᠢᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-07-16
7 ᠰᠠᠷ᠎ᠠ ᠵᠢᠨ 15᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ ᠯᠢ ᡁᠢ ᠰᠢᠶᠦ᠋ᠩ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠪᠤᠭᠤᠳᠠᠢ ᠵᠢ ᠵᠠᠯᠭ᠋ᠠᠯᠳᠤᠭᠤᠯᠤᠨ ᠲᠠᠷᠢᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠠᠨ ᠷᠦᠢ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠯᠢᠶᠠᠩ ᡁᠢ ᠴᠢᠶᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠠᠮᠲᠤ ᠪᠠᠶ᠋ᠢᠴᠠᠭ᠋ᠠᠨ ᠰᠤᠳᠤᠯᠤᠯᠲᠠ ᠬᠢᠪᠠ᠃

ᠯᠢ ᡁᠢ ᠰᠢᠶᠦ᠋ᠩ ᠲᠠᠷᠢᠶᠠᠨ ᠭᠠᠵᠠᠷ᠎ᠲᠤ ᠬᠦᠷᠴᠦ᠂ ᠪᠤᠭᠤᠳᠠᠢ ᠵᠢᠨ ᠤᠷᠭᠤᠴᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠭᠰᠡᠨ ᠪᠥᠭᠡᠳ ᠲᠠᠷᠢᠶᠠᠴᠢᠨ ᠡᠷᠦᠬᠡ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠪᠤᠭᠤᠳᠠᠢ ᠵᠢᠨ ᠤᠨᠠᠯᠲᠠ᠂ ᠤᠰᠤᠯᠠᠯᠲᠠ᠂ ᠡᠪᠡᠳᠴᠢᠨ ᠬᠤᠷᠣᠬᠠᠢ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠵᠢᠴᠢ ᠬᠠᠳᠤᠵᠤ ᠬᠤᠷᠢᠶᠠᠬᠤ ᠠᠬᠢᠴᠠ ᠵᠡᠷᠭᠡ ᠪᠠᠶ᠋ᠢᠳᠠᠯ᠎ᠢ ᠨᠠᠷᠢᠨ ᠯᠠᠪᠯᠠᠨ ᠠᠰᠠᠭᠤᠪᠠ᠃

ᠯᠢ ᡁᠢ ᠰᠢᠶᠦ᠋ᠩ᠂ ᠶᠡᠷᠦᠩᠬᠡᠢ ᠱᠦᠵᠢ ᠰᠢ᠎ᠵᠢᠨ᠎ᠫᠢᠩ᠎ᠤᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠦᠨᠡᠨ ᠬᠦ᠌ ᠯᠠᠪᠳᠠᠭᠤᠨ ᠡᠭᠦᠷᠭᠡᠯᠡᠵᠦ᠂ 《ᠭᠤᠷᠪᠠᠨ ᠵᠤᠨ》᠎ᠤ ᠦᠢ᠍ᠯᠡᠳᠪᠦᠷᠢᠯᠡᠯ᠎ᠢ ᠬᠦᠴᠦᠲᠡᠢ ᠡᠮᠬᠢ ᠵᠢᠷᠤᠮ᠎ᠲᠠᠢ ᠠᠬᠢᠭᠤᠯᠵᠤ᠂ ᠪᠦᠬᠦ ᠵᠢᠯ᠎ᠤᠨ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠬᠤ ᠬᠡᠷᠡᠭᠲᠡᠢ᠃ ᠪᠤᠭᠤᠳᠠᠢ ᠵᠢ ᠵᠠᠪᠳᠤᠨ ᠬᠤᠷᠢᠶᠠᠬᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠵᠤᠨ᠎ᠤ ᠠᠮᠤ ᠪᠤᠳᠠᠭ᠎ᠠ ᠵᠢ ᠬᠤᠷᠢᠶᠠᠬᠤ ᠶᠣᠰᠣᠲᠠᠢ ᠵᠢ᠎ᠨᠢ ᠪᠦᠬᠦᠨ᠎ᠢ ᠬᠤᠷᠢᠶᠠᠵᠤ᠂ ᠮᠥᠬᠦᠯᠢᠭ ᠪᠦᠷᠢ ᠵᠢ ᠬᠥᠮᠥᠷᠭᠡ᠎ᠳᠤ ᠣᠷᠣᠭᠤᠯᠬᠤ ᠵᠢ ᠪᠠᠲᠤᠯᠠᠬᠤ ᠵᠢᠨ ᠬᠠᠮᠲᠤ ᠲᠠᠷᠢᠶᠠᠨ ᠭᠠᠵᠠᠷ᠎ᠢ ᠲᠥᠪᠯᠡᠷᠡᠭᠦᠯᠦᠨ ᠵᠠᠯᠭ᠋ᠠᠯᠳᠤᠭᠤᠯᠤᠨ ᠴᠡᠭᠴᠡᠯᠡᠨ ᠵᠠᠰᠠᠬᠤ ᠵᠢ ᠲᠦᠷᠭᠡᠳᠬᠡᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠬᠡᠪᠴᠢᠶ᠎ᠡ ᠵᠢ ᠥᠷᠭᠡᠳᠬᠡᠵᠦ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠲᠠᠷᠢᠶᠠᠯᠠᠩ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠦᠬᠦ ᠲᠠᠯ᠎ᠠ᠎ᠪᠠᠷ ᠤᠷᠲᠤᠳᠬᠠᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠵᠢ ᠠᠬᠢᠭᠤᠯᠵᠤ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠷ᠎ᠡ ᠠᠰᠢᠭ ᠪᠣᠯᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠵᠦ᠂ ᠪᠦᠬᠦ ᠵᠢᠯ᠎ᠤᠨ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠤᠨᠠᠯᠲᠠ ᠵᠢ ᠨᠡᠮᠡᠭᠳᠡᠭᠦᠯᠬᠦ᠎ᠳᠤ ᠪᠠᠲᠤ ᠰᠠᠭᠤᠷᠢ ᠲᠠᠯᠪᠢᠬᠤ ᠬᠡᠷᠡᠭᠲᠡᠶ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ