ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

【ᠨᠡᠶ᠋ᠢᠭᠡᠮ ᠲᠣᠭᠤᠷᠢᠭ᠎ᠤᠨ ᠪᠠᠶ᠋ᠢᠳᠠᠯ】 ᠪᠠᠶᠠᠨᠭᠤᠣᠯ ᠪᠠᠯᠭ᠋ᠠᠰᠤᠨ᠎ᠤ ᠪᠦᠯᠬᠦᠮᠳᠡᠯ ᠨᠡᠶ᠋ᠢᠭᠡᠮ ᠲᠣᠭᠤᠷᠢᠭ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠵᠦ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ

ᠨᠡᠶ᠋ᠢᠲᠡᠯᠡᠭᠰᠡᠨ ᠴᠠᠭ᠄   2025-12-17

ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠨᠡᠶ᠋ᠢᠭᠡᠮ ᠲᠣᠭᠤᠷᠢᠭ᠎ᠤᠨ ᠴᠠᠬᠢᠯᠭ᠋ᠠᠨ ᠱᠠᠲᠤᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠠᠳᠠᠯ ᠠᠬᠤᠶ ᠵᠢᠨ ᠠᠵᠢᠯᠲᠠᠨ᠎ᠤ ᠴᠠᠬᠢᠯᠭ᠋ᠠᠨ ᠱᠠᠲᠤᠨ᠎ᠤ ᠭᠡᠨᠡᠳᠲᠡ ᠵᠢᠨ ᠭᠡᠮᠲᠦᠯ᠎ᠢ ᠠᠷᠭ᠋ᠠᠴᠠᠬᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ ᠰᠠᠭᠤᠭ᠋ᠠᠯᠢ ᠠᠷᠠᠳ᠎ᠤᠨ ᠱᠠᠲᠤᠨ᠎ᠳᠤ ᠰᠠᠭᠤᠬᠤ ᠠᠮᠤᠷ ᠲᠦᠪᠰᠢᠨ᠎ᠢ ᠰᠠᠬᠢᠨ ᠬᠠᠮᠠᠭ᠋ᠠᠯᠠᠨ᠎ᠠ᠃ 12 ᠰᠠᠷ᠎ᠠ ᠵᠢᠨ 16᠎ᠤ ᠡᠳᠦᠷ᠂ ᠪᠦᠯᠬᠦᠮᠳᠡᠯ ᠨᠡᠶ᠋ᠢᠭᠡᠮ ᠲᠣᠭᠤᠷᠢᠭ ᠬᠠᠷᠢᠶᠠᠲᠤ ᠣᠷᠣᠨ᠎ᠤ ᠠᠳᠠᠯ ᠠᠬᠤᠶ ᠵᠢᠨ ᠺᠣᠮᠫᠠᠨᠢ᠂ ᠴᠠᠬᠢᠯᠭ᠋ᠠᠨ ᠱᠠᠲᠤ ᠵᠢᠨ ᠬᠠᠮᠠᠭ᠋ᠠᠯᠠᠯᠲᠠ ᠵᠢᠨ ᠨᠢᠭᠡᠴᠡ᠎ᠲᠠᠢ ᠬᠠᠮᠲᠤᠷᠠᠨ᠂ ᠫᠦ᠋ ᠳ᠋ᠧ ᠶᠤᠸᠠᠨ ᠵᠢᠵᠢᠭ ᠲᠣᠭᠤᠷᠢᠭ᠎ᠲᠤ ᠴᠠᠬᠢᠯᠭ᠋ᠠᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠮᠢᠶ᠎ᠠ ᠪᠥᠬᠦᠶ ᠬᠥᠮᠦᠰ ᠲᠤᠬᠠᠶ ᠵᠢᠨ ᠲᠠᠯᠠᠪᠤᠷ᠎ᠲᠤ ᠬᠦᠷᠴᠦ ᠵᠢᠭ᠋ᠠᠨ ᠵᠢᠯᠣᠭᠤᠳᠪᠠ᠃

ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠴᠠᠬᠢᠯᠭ᠋ᠠᠨ ᠱᠠᠲᠤ ᠵᠢᠨ ᠬᠠᠮᠠᠭ᠋ᠠᠯᠠᠯᠲᠠ ᠵᠢᠨ ᠨᠢᠭᠡᠴᠡ ᠵᠢᠨ ᠮᠡᠷᠭᠡᠵᠢᠯ᠎ᠤᠨ ᠠᠵᠢᠯᠲᠠᠨ 《ᠠᠮᠤᠷ ᠲᠦᠪᠰᠢᠨ᠎ᠤ ᠵᠢᠯᠣᠭᠤᠳᠣᠭᠴᠢ ᠪᠠᠭᠰᠢ》 ᠪᠣᠯᠵᠣ᠂ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠎ᠪᠠᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠴᠠᠬᠢᠯᠭ᠋ᠠᠨ ᠱᠠᠲᠤ ᠵᠢᠨ ᠦᠨᠳᠦᠰᠦᠨ ᠪᠦᠲᠦᠴᠡ᠂ ᠠᠵᠢᠯᠯᠠᠭ᠋ᠠᠨ᠎ᠤ ᠦᠨᠳᠦᠰᠦᠯᠡᠯ ᠵᠢᠴᠢ ᠪᠠᠶ᠋ᠢᠩᠭᠤ ᠲᠣᠬᠢᠶᠠᠯᠳᠤᠬᠤ ᠬᠡᠮ ᠰᠣᠭᠤᠭ᠎ᠤᠨ ᠲᠥᠷᠥᠯ ᠬᠡᠯᠪᠡᠷᠢ - ᠴᠠᠬᠢᠯᠭ᠋ᠠᠨ ᠱᠠᠲᠤ ᠵᠢᠨ ᠭᠡᠨᠡᠳᠲᠡ ᠵᠣᠭᠰᠣᠬᠤ᠂ ᠡᠭᠦᠳᠡᠨ ᠰᠢᠰᠲ᠋ᠧᠮ᠎ᠤᠨ ᠬᠡᠮ ᠰᠣᠭᠤᠭ ᠵᠡᠷᠭᠡ ᠠᠰᠠᠭᠤᠳᠠᠯ᠎ᠢ ᠨᠠᠷᠢᠨ ᠲᠠᠶ᠋ᠢᠯᠪᠤᠷᠢᠯᠠᠬᠤ ᠵᠢᠨ ᠬᠠᠮᠲᠤ ᠵᠦᠢ᠍ᠯ ᠪᠦᠷᠢ ᠵᠢᠨ ᠬᠡᠮ ᠰᠣᠭᠤᠭ ᠪᠦᠷᠢ᠎ᠳᠤ ᠴᠢᠭᠯᠡᠭᠦᠯᠦᠨ ᠰᠢᠯᠲᠠᠭ᠋ᠠᠨ᠎ᠢ ᠵᠠᠳᠠᠯᠪᠠ᠃ ᠡᠭᠦᠨ᠎ᠤ ᠬᠠᠮᠲᠤ᠂ ᠠᠮᠤᠷ᠎ᠢ ᠬᠠᠮᠠᠭ᠋ᠠᠯᠠᠬᠤ ᠠᠵᠢᠯᠲᠠᠨ ᠲᠤᠬᠠᠶ ᠵᠢᠨ ᠲᠠᠯᠠᠪᠤᠷ᠎ᠲᠤ ᠪᠣᠯᠪᠠᠰᠤᠨ ᠵᠶ᠋ᠠᠷ ᠱᠠᠲᠤ ᠵᠠᠷᠤᠬᠤ᠎ᠳᠤ ᠠᠩᠬᠠᠷᠬᠤ ᠵᠦᠢ᠍ᠯᠡᠰ᠎ᠢ ᠵᠢᠱ᠌ᠢᠶ᠎ᠡ ᠦᠵᠡᠭᠦᠯᠵᠦ᠂ ᠬᠡᠷᠪᠡ ᠡᠭᠦᠳᠡ ᠵᠢ ᠠᠯᠪᠠ᠎ᠪᠠᠷ ᠮᠠᠯᠲᠠᠬᠤ ᠵᠢ ᠴᠠᠭ᠋ᠠᠵᠠᠯᠠᠬᠤ᠂ ᠰᠡᠤᠬᠡ ᠵᠢᠨ ᠳᠣᠲᠣᠷ᠎ᠠ ᠦᠰᠦᠷᠬᠦ ᠥᠬᠡᠶ ᠵᠡᠷᠭᠡ ᠵᠢᠴᠢ ᠪᠠᠴᠢᠮ ᠪᠠᠶ᠋ᠢᠳᠠᠯ ᠳᠣᠤᠷᠠᠬᠢ ᠵᠥᠪ ᠲᠤᠰᠠᠯᠠᠮᠵᠢ ᠭᠤᠶᠤᠴᠢᠯᠠᠬᠤ ᠠᠷᠭ᠎ᠠ ᠮᠠᠶᠢᠭ᠎ᠨᠢ ᠰᠣᠷᠢᠯᠲᠠ᠎ᠳᠤ ᠣᠷᠣᠯᠴᠠᠭᠰᠠᠳ᠎ᠲᠤ ᠬᠡᠷᠡᠭᠯᠡᠭᠡᠨ᠎ᠤ ᠠᠮᠤᠷ ᠲᠦᠪᠰᠢᠨ᠎ᠤ ᠮᠡᠳᠡᠯᠭᠡ ᠵᠢ ᠰᠢᠭᠤᠳ ᠡᠵᠡᠮᠰᠢᠭᠦᠯᠪᠡ᠃

ᠲᠣᠰ ᠤᠳᠠᠭ᠋ᠠᠨ᠎ᠤ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ᠎ᠨᠢ ᠠᠳᠠᠯ ᠠᠬᠤᠶ ᠵᠢᠨ ᠠᠵᠢᠯᠲᠠᠨ᠎ᠤ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠤᠬᠠᠮᠰᠠᠷ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠪᠦᠲᠦᠮᠵᠢᠲᠡᠶ ᠨᠡᠮᠡᠭᠳᠡᠭᠦᠯᠦᠭᠰᠡᠨ ᠵᠶ᠋ᠠᠷ ᠪᠠᠷᠠᠬᠤ ᠥᠬᠡᠶ᠂ ᠨᠡᠶ᠋ᠢᠭᠡᠮ ᠲᠣᠭᠤᠷᠢᠭ᠎ᠤᠨ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠪᠦᠯᠬᠦᠮᠳᠡᠯ ᠨᠡᠶ᠋ᠢᠭᠡᠮ ᠲᠣᠭᠤᠷᠢᠭ᠎ᠤᠨ᠎ᠬᠢᠨ ᠠᠳᠠᠯ ᠠᠬᠤᠶ᠎ᠯᠤᠭ᠎ᠠ ᠵᠢᠨ ᠬᠤᠯᠪᠣᠭ᠋ᠠᠯᠠᠨ ᠬᠥᠳᠡᠯᠦᠯᠴᠡᠬᠦ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠡᠯ᠎ᠡ ᠲᠥᠷᠥᠯ᠎ᠤᠨ ᠠᠮᠤᠷ ᠲᠦᠪᠰᠢᠨ᠎ᠤ ᠰᠣᠷᠢᠯᠲᠠ ᠵᠢᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠴᠠᠬᠢᠯᠭ᠋ᠠᠨ ᠱᠠᠲᠤᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠠᠭᠤᠭ᠋ᠠᠯᠢ ᠠᠷᠠᠳ᠎ᠲᠤ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠣᠷᠴᠢᠨ ᠲᠣᠭᠤᠷᠢᠨ᠎ᠢ ᠪᠣᠶ ᠪᠣᠯᠭ᠋ᠠᠵᠤ᠂ ᠨᠡᠶ᠋ᠢᠭᠡᠮ ᠲᠣᠭᠤᠷᠢᠭ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠤᠷ᠎ᠢ ᠪᠠᠬᠢᠵᠢᠭᠦᠯᠦᠨ᠎ᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ