ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠱᠠᠵᠢᠨᠳᠤᠬᠤᠢ ᠰᠤᠮᠤᠨ᠎ᠤ ᠰᠢᠨ᠎ᠡ ᠳᠦᠷᠰᠦ ᠪᠠᠶ᠋ᠢᠳᠠᠯ᠄ 《ᠰᠡᠳᠬᠢᠯ》 ᠵᠶ᠋ᠠᠷ 《ᠢᠲᠡᠭᠡᠮᠵᠢ》 ᠵᠢ ᠰᠣᠯᠢᠵᠤ᠂ ᠵᠥᠷᠢᠴᠡᠯ ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠵᠦ ᠪᠠᠶ᠋ᠢᠨ᠎ᠠ

ᠨᠡᠶ᠋ᠢᠲᠡᠯᠡᠭᠰᠡᠨ ᠴᠠᠭ᠄   2025-02-24

      ᠤᠢ᠍ᠢ᠍ᠷ᠎ᠠ ᠵᠢᠨ ᠵᠢᠯ᠎ᠠᠴᠠ᠂ ᠱᠠᠵᠢᠨᠲᠤᠬᠤᠢ ᠰᠤᠮᠤ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠠᠷᠠᠳ᠎ᠤᠨ ᠲᠥᠯᠥᠭᠡ ᠬᠦᠴᠢᠷ ᠪᠡᠷᠬᠡᠰᠢᠶᠡᠯ᠎ᠢ ᠰᠢᠢ᠍ᠳᠪᠦᠷᠢᠯᠡᠬᠦ᠂ ᠨᠠᠮ᠎ᠤᠨ ᠲᠥᠯᠥᠭᠡ ᠰᠠᠨᠠᠭ᠋ᠠᠰᠢᠷᠠᠬᠤ ᠡᠭᠦᠷᠭᠡ ᠬᠠᠷᠢᠭᠤᠴᠠᠯᠭ᠎ᠠ᠎ᠪᠠᠨ ᠴᠠᠭ ᠢᠮᠠᠭᠲᠠ ᠪᠠᠲᠤ ᠴᠡᠭᠡᠵᠢᠯᠡᠪᠡ᠃ ᠣᠶ᠋ᠢᠷ᠎ᠠ᠎ᠳᠤ᠂ ᠱᠠᠵᠢᠨᠳᠤᠬᠤᠢ ᠰᠤᠮᠤ ᠵᠢᠨ ᠭᠤᠣᠯ ᠤᠳᠤᠷᠢᠳᠤᠯᠭ᠎ᠠ ᠨᠠᠷ ᠢᠳᠡᠪᠬᠢᠲᠡᠢ ᠬᠥᠳᠡᠯᠦᠯᠴᠡᠵᠦ᠂ ᠡᠯ᠎ᠡ ᠰᠠᠯᠠᠭ᠎ᠠ ᠠᠵᠢᠯ᠎ᠤᠨ ᠬᠦᠴᠦᠨ᠎ᠢ ᠨᠢᠭᠲᠠᠷᠠᠭᠤᠯᠤᠨ᠂ ᠦᠨᠳᠦᠰᠦᠨ ᠱᠠᠲᠤᠨ᠎ᠤ ᠵᠠᠬᠢᠳᠠᠯ ᠰᠤᠷᠪᠤᠯᠵᠢᠯᠠᠭ᠎ᠠ ᠵᠢᠨ ᠲᠣᠣᠷ᠎ᠢ ᠪᠠᠲᠤ ᠪᠠᠬᠢ ᠪᠠᠶ᠋ᠢᠭᠤᠯᠵᠤ᠂ ᠵᠥᠷᠢᠴᠡᠯ᠎ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠪᠠ ᠴᠤᠬᠤᠶ᠋ᠢᠵᠤ ᠪᠠᠶ᠋ᠢᠭ᠎ᠠ ᠪᠠᠶ᠋ᠢᠳᠠᠯ᠎ᠳᠤᠨᠢ ᠰᠢᠢ᠍ᠳᠪᠦᠷᠢᠯᠡᠬᠦ᠎ᠪᠠᠷ ᠴᠢᠷᠮᠠᠶ᠋ᠢᠵᠤ᠂ ᠰᠤᠮᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠤᠨ ᠰᠢᠢ᠍ᠳᠪᠦᠷᠢᠯᠡᠬᠦ ᠡᠷᠡᠰ ᠵᠣᠷᠢᠭ᠎ᠢ ᠢᠯᠡᠷᠡᠭᠦᠯᠪᠡ᠃


苏木20250224-1.jpg


      ᠨᠢᠭᠡ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠤᠨ᠎ᠠ᠃
      ᠱᠠᠵᠢᠨᠲᠤᠬᠤᠢ ᠰᠤᠮᠤ ᠵᠢᠨ ᠨᠠᠮ᠎ᠤᠨ ᠬᠤᠷᠢᠶ᠎ᠠ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠳᠠᠬᠢ ᠤᠳᠤᠷᠢᠳᠤᠯᠭ᠎ᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠠᠨ ᠲᠦᠮᠡᠨ᠎ᠤ ᠲᠤᠰᠬᠠᠯ ᠴᠢᠩᠭ᠎ᠠ ᠪᠠᠶ᠋ᠢᠭ᠎ᠠ ᠭᠤᠣᠯᠳᠠᠯᠭ᠎ᠠ᠎ᠲᠠᠢ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠢ ᠰᠤᠳᠤᠯᠤᠨ ᠠᠬᠢᠭᠤᠯᠵᠤ᠂ ᠡᠯ᠎ᠡ ᠰᠠᠯᠠᠭ᠎ᠠ ᠮᠥᠴᠢᠷ᠎ᠤᠨ ᠵᠠᠬᠢᠳᠠᠯ ᠰᠤᠷᠪᠤᠯᠵᠢᠯᠠᠭ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ᠎ᠤᠨ ᠣᠷᠳᠣᠨ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠬᠤ᠂ ᠡᠯ᠎ᠡ ᠰᠠᠯᠠᠭ᠎ᠠ ᠮᠥᠴᠢᠷ ᠵᠣᠬᠢᠴᠠᠭᠤᠯᠤᠨ ᠠᠬᠢᠭᠤᠯᠬᠤ ᠠᠵᠢᠯ᠎ᠤᠨ ᠰᠢᠨ᠎ᠡ ᠪᠠᠶ᠋ᠢᠷᠢᠰᠢᠯ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠮᠠᠯᠴᠢᠨ ᠲᠠᠷᠢᠶᠠᠴᠢᠨ᠎ᠢ ᠪᠦᠬᠦ ᠬᠦᠴᠦᠨ ᠵᠶ᠋ᠠᠷ ᠵᠶ᠋ᠠᠨ ᠬᠠᠪᠰᠤᠷᠤᠨ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠡᠴᠦᠰ᠎ᠲᠤᠨᠢ ᠲᠤᠯᠲᠠᠯ᠎ᠠ ᠠᠳᠬᠤᠵᠤ᠂ ᠲᠦᠢ᠍ᠯᠪᠤᠷᠢᠲᠠᠢ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ᠃ 2025 ᠣᠨ᠎ᠠᠴᠠ ᠣᠲᠣ ᠪᠣᠯᠲᠠᠯ᠎ᠠ ᠨᠠᠮ᠎ᠤᠨ ᠬᠤᠷᠢᠶ᠎ᠠ 2 ᠤᠳᠠᠭ᠎ᠠ᠂ ᠵᠥᠷᠢᠴᠡᠯ ᠵᠢᠭᠤᠷᠠᠯᠳᠤᠭ᠋ᠠᠨ᠎ᠤ ᠲᠤᠰᠬᠠᠶ ᠰᠡᠳᠦᠪᠲᠦ ᠰᠤᠳᠤᠯᠤᠨ ᠮᠠᠭ᠋ᠠᠳᠯᠠᠬᠤ ᠬᠤᠷᠠᠯ᠎ᠢ 3 ᠤᠳᠠᠭ᠎ᠠ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ᠎ᠢ 2 ᠤᠳᠠᠭ᠎ᠠ ᠬᠤᠷᠠᠯᠳᠤᠭᠤᠯᠵᠤ᠂ ᠵᠥᠷᠢᠴᠡᠯ᠎ᠤᠨ ᠳᠠᠯᠳᠠ ᠬᠡᠮ᠎ᠢ 7 ᠬᠤᠪᠢ ᠲᠤᠰᠬᠠᠶ ᠰᠤᠳᠤᠯᠤᠨ ᠶᠠᠷᠢᠯᠴᠠᠪᠠ᠃


苏木20250224-2.jpg


      ᠬᠤᠶᠠᠷ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠤᠪᠤᠶ᠋ᠢᠯᠭ᠋ᠠᠵᠤ᠂ ᠵᠦᠷᠢᠴᠡᠯ᠎ᠢ ᠰᠠᠨᠠᠭ᠋ᠠᠴᠢᠯᠠᠭ᠎ᠠ᠎ᠠᠴᠠ᠎ᠪᠠᠨ ᠨᠠᠮᠳᠠᠭᠤᠯᠤᠨ᠎ᠠ
      ᠤᠳᠤᠷᠢᠳᠬᠤ ᠺᠠᠳ᠋ᠷ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ᠂ ᠮᠠᠯᠴᠢᠨ ᠲᠠᠷᠢᠶᠠᠴᠢᠨ᠎ᠤ ᠬᠠᠯᠠᠮᠵᠢᠯᠠᠨ ᠠᠩᠬᠠᠷᠴᠤ ᠪᠠᠶ᠋ᠢᠭ᠎ᠠ ᠭᠠᠵᠠᠷ ᠰᠢᠷᠣᠶ ᠵᠢᠨ ᠵᠢᠭᠤᠷᠠᠯᠳᠤᠭ᠋ᠠᠨ᠂ ᠬᠥᠷᠰᠢ ᠵᠡᠷᠭᠡᠯᠡᠳᠡᠭᠡ ᠵᠢᠨ ᠵᠥᠷᠢᠴᠡᠯ᠂ ᠬᠦᠴᠢᠷᠳᠡᠯ᠎ᠤᠨ ᠠᠪᠤᠷᠠᠨ ᠲᠤᠰᠠᠯᠠᠯᠲᠠ᠂ ᠲᠠᠷᠢᠶᠠᠯᠠᠩ᠎ᠤᠨ ᠨᠥᠬᠦᠪᠥᠷᠢ ᠵᠡᠷᠭᠡ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠵᠢᠨ ᠵᠥᠷᠢᠴᠡᠯ ᠵᠢᠭᠤᠷᠠᠯᠳᠤᠭ᠋ᠠᠨ᠎ᠢ 《ᠶᠡᠬᠡᠪᠡᠷ ᠰᠤᠷᠪᠤᠯᠵᠢᠯᠠᠬᠤ᠂ ᠶᠡᠬᠡᠪᠡᠷ ᠵᠢᠭᠰᠠᠭ᠋ᠠᠨ ᠪᠠᠶ᠋ᠢᠴᠠᠭ᠋ᠠᠬᠤ᠂ ᠶᠡᠬᠡᠪᠡᠷ ᠰᠢᠢ᠍ᠳᠪᠦᠷᠢᠯᠡᠬᠦ》 ᠠᠵᠢᠯ᠎ᠢ ᠭᠦᠨᠵᠡᠭᠡᠶ ᠥᠷᠨᠢᠭᠦᠯᠵᠦ᠂ ᠡᠯ᠎ᠡ ᠦᠨᠳᠦᠰᠦᠲᠡᠨ᠎ᠤ ᠮᠠᠯᠴᠢᠨ ᠲᠠᠷᠢᠶᠠᠴᠢᠨ ᠣᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢᠨ ᠲᠠᠶ᠋ᠢᠯᠪᠤᠷᠢᠯᠠᠯᠲᠠ ᠪᠠ ᠦᠵᠡᠯ ᠰᠠᠨᠠᠭ᠋ᠠᠨ᠎ᠤ ᠵᠢᠯᠣᠭᠤᠳᠣᠯᠭ᠎ᠠ ᠬᠢᠵᠦ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠬᠦᠯᠢᠴᠡᠩᠭᠦᠶ᠎ᠪᠠᠷ ᠰᠣᠨᠣᠰᠴᠤ᠂ ᠣᠯᠠᠨ ᠲᠦᠮᠡᠨ᠎ᠤ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ᠂ ᠠᠰᠠᠭᠤᠳᠠᠯ᠎ᠢ ᠲᠤᠰᠬᠠᠬᠤ᠂ ᠬᠠᠪᠰᠤᠷᠤᠯᠭ᠎ᠠ ᠳᠡᠮᠵᠢᠯᠭᠡ ᠡᠷᠢᠬᠦ ᠵᠢ ᠲᠡᠷᠡ ᠳᠠᠷᠤᠶ᠎ᠳᠤᠨᠢ ᠴᠤᠤᠷᠢᠶᠠᠲᠤᠭᠤᠯᠬᠤ ᠵᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠤ ᠬᠦᠴᠢᠷ ᠵᠣᠪᠠᠭᠤᠷᠢ ᠵᠢ ᠰᠢᠶᠳᠪᠦᠷᠢᠯᠡᠬᠦ 《ᠳᠣᠲᠣᠨᠣ ᠬᠥᠮᠦᠨ》 ᠪᠣᠯᠬᠤ᠎ᠪᠠᠷ ᠴᠢᠷᠮᠠᠶ᠋ᠢᠨ᠎ᠠ᠃

苏木20250224-3.jpg

 

      ᠭᠤᠷᠪᠠ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ
      ᠱᠠᠵᠢᠨᠲᠤᠬᠤᠢ ᠰᠤᠮᠤ ᠤᠳᠤᠷᠢᠳᠤᠯᠭ᠎ᠠ ᠰᠤᠷᠪᠤᠯᠵᠢᠯᠠᠭ᠎ᠠ ᠵᠢ ᠬᠦᠯᠢᠶᠡᠨ ᠠᠪᠬᠤ᠂ ᠬᠠᠤᠯᠢᠴᠢ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠵᠡᠷᠭᠡ ᠠᠷᠭ᠎ᠠ ᠬᠡᠯᠪᠡᠷᠢ᠎ᠪᠠᠷ ᠠᠷᠠᠳ᠎ᠤᠨ ᠡᠶᠡᠳᠡᠭᠦᠯᠭᠡ᠂ ᠬᠠᠤᠯᠢ ᠴᠠᠭ᠋ᠠᠵᠠ ᠵᠢᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ ᠵᠢᠨ 《ᠭᠤᠷᠪᠠ ᠵᠢ ᠲᠣᠬᠢᠷᠠᠭᠤᠯᠬᠤ》 ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ 《ᠦᠨᠳᠦᠰᠦᠨ ᠱᠠᠲᠤᠨ᠎ᠤ ᠰᠢᠭᠦᠬᠦ ᠲᠢᠩᠬᠢᠮ》᠂ 《ᠶᠡᠷᠦᠩᠬᠡᠶ᠋ᠢᠯᠡᠨ ᠵᠠᠰᠠᠬᠤ ᠲᠥᠪ》 ᠵᠶ᠋ᠠᠷ ᠭᠤᠣᠯ ᠪᠣᠯᠭ᠋ᠠᠵᠤ᠂ ᠵᠥᠷᠢᠴᠡᠯ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠦᠶ᠎ᠡ᠎ᠳᠤ ᠵᠠᠬᠢᠳᠠᠯ ᠰᠤᠷᠪᠤᠯᠵᠢᠯᠠᠭ᠎ᠠ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠵᠤ᠂ ᠵᠠᠬᠢᠳᠠᠯ ᠰᠤᠷᠪᠤᠯᠵᠢᠯᠠᠭ᠎ᠠ ᠵᠢᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠵᠤ᠂ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠢᠨ ᠭᠤᠮᠣᠳᠠᠯ ᠱᠠᠭ᠋ᠠᠷᠳᠠᠯᠭ᠎ᠠ ᠵᠢ 《ᠨᠢᠭᠡ ᠯᠡ ᠡᠭᠦᠳᠡ᠎ᠪᠠᠷ ᠣᠷᠣᠵᠤ᠂ ᠬᠠᠮᠤᠭ᠎ᠤᠨ ᠤᠯᠠᠨ ᠰᠤᠷᠪᠤᠯᠵᠢᠯᠠᠬᠤ》 ᠵᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ᠎ᠤ ᠬᠦᠰᠡᠯ ᠱᠠᠭ᠋ᠠᠷᠳᠠᠯᠭ᠎ᠠ ᠨᠢᠭᠡᠪᠦᠷᠢ ᠵᠢ ᠴᠥᠮ ᠰᠢᠢ᠍ᠳᠪᠦᠷᠢᠯᠡᠬᠦ ᠬᠥᠮᠦᠨ᠎ᠲᠠᠢ᠂ ᠬᠦᠰᠡᠯ ᠱᠠᠭ᠋ᠠᠷᠳᠠᠯᠭ᠎ᠠ ᠨᠢᠭᠡᠪᠦᠷᠢ ᠵᠢ ᠴᠥᠮ ᠬᠠᠤᠯᠢ ᠶᠣᠰᠣᠭ᠋ᠠᠷ ᠠᠬᠢᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠩᠭᠤᠢ ᠨᠡᠶ᠋ᠢᠭᠡᠮ᠎ᠤᠨ ᠣᠷᠴᠢᠨ ᠲᠣᠭᠤᠷᠢᠨ᠎ᠢ ᠪᠦᠬᠦ ᠬᠦᠴᠦᠨ ᠵᠶ᠋ᠠᠷ ᠵᠶ᠋ᠠᠨ ᠪᠤᠢ ᠪᠣᠯᠭ᠋ᠠᠪᠠ᠃

ᠢᠷᠡᠯᠲᠡ᠄ ᠳ᠋ᠸᠩᠺᠸᠦ ᠰᠢᠶᠠᠨ᠎ᠤ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ