ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠯᠢ ᠵᠢᠶᠦ᠋ᠨ ᠰᠢᠶᠠ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠤᠢ ᠰᠢᠭᠤᠢ ᠡᠪᠡᠰᠦ ᠪᠡᠯᠴᠢᠭᠡᠷ᠎ᠤᠨ ᠨᠤᠭᠤ ᠭᠠᠵᠠᠷ᠎ᠤᠨ ᠵᠢᠷᠤᠭ᠎ᠤᠨ ᠲᠣᠯᠪᠤ ᠵᠢᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠠᠶ᠋ᠢᠴᠠᠭ᠋ᠠᠨ ᠰᠤᠳᠤᠯᠪᠠ

ᠨᠡᠶ᠋ᠢᠲᠡᠯᠡᠭᠰᠡᠨ ᠴᠠᠭ᠄   2025-03-21

      3 ᠰᠠᠷ᠎ᠠ ᠵᠢᠨ 20᠎ᠤ ᠡᠳᠦᠷ᠂ ᠰᠢᠶᠠᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠢ ᠵᠢᠶᠦ᠋ᠨ ᠰᠢᠶᠠ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠤᠢ ᠰᠢᠭᠤᠢ ᠡᠪᠡᠰᠦ ᠪᠡᠯᠴᠢᠭᠡᠷ᠎ᠤᠨ ᠨᠤᠭᠤ ᠭᠠᠵᠠᠷ᠎ᠤᠨ ᠵᠢᠷᠤᠭ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠠᠶ᠋ᠢᠴᠠᠭ᠋ᠠᠨ ᠰᠤᠳᠤᠯᠪᠠ᠃
      ᠯᠢ ᠵᠢᠶᠦ᠋ᠨ ᠰᠢᠶᠠ ᠵᠢᠷᠤᠭ᠎ᠤᠨ ᠲᠣᠯᠪᠤ ᠵᠢᠨ ᠲᠠᠩᠰᠠ ᠡᠪᠬᠡᠮᠡᠯ᠎ᠤᠨ ᠡᠬᠡ ᠲᠠᠩᠰᠠ ᠵᠢ ᠪᠠᠶ᠋ᠢᠴᠠᠭ᠋ᠠᠨ ᠦᠵᠡᠬᠦ᠂ ᠲᠤᠬᠠᠶ ᠵᠢᠨ ᠭᠠᠵᠠᠷ᠎ᠲᠤᠨᠢ ᠰᠤᠷᠪᠤᠯᠵᠢᠯᠠᠬᠤ᠂ ᠲᠤᠬᠠᠶ ᠵᠢᠨ ᠭᠠᠵᠠᠷ᠎ᠲᠤᠨᠢ ᠰᠣᠯᠢᠯᠴᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠢᠷᠤᠭ᠎ᠤᠨ ᠲᠣᠯᠪᠤ ᠵᠢᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠪᠠ ᠲᠤᠯᠭ᠋ᠠᠷᠠᠭᠰᠠᠨ ᠠᠰᠠᠭᠤᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠲᠠᠷᠠᠭ᠋ᠠᠴᠢ ᠵᠢᠨ ᠠᠯᠬᠤᠮ᠎ᠤᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃
    ᠯᠢ ᠵᠢᠶᠦ᠋ᠨ ᠰᠢᠶᠠ ᠴᠢᠬᠤᠯᠠᠴᠢᠯᠠᠭᠰᠠᠨ᠎ᠨᠢ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠣᠳᠣᠬᠠᠨ᠎ᠤ ᠤᠢ ᠰᠢᠭᠤᠢ ᠡᠪᠡᠰᠦ ᠪᠡᠯᠴᠢᠭᠡᠷ᠎ᠤᠨ ᠭᠠᠵᠠᠷ᠎ᠤᠨ ᠵᠢᠷᠤᠭ᠎ᠤᠨ ᠲᠣᠯᠪᠤ ᠵᠢᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠬᠦᠨᠳᠦ ᠨᠣᠴᠢᠲᠠᠢ ᠪᠠᠶ᠋ᠢᠳᠠᠯ᠎ᠢ ᠭᠦᠢ᠍ᠴᠡᠳ ᠲᠠᠨᠢᠵᠤ᠂ ᠤᠢ ᠰᠢᠭᠤᠢ ᠡᠪᠡᠰᠦ ᠪᠡᠯᠴᠢᠭᠡᠷ᠎ᠤᠨ ᠨᠤᠭᠤ ᠭᠠᠵᠠᠷ᠎ᠤᠨ ᠵᠢᠷᠤᠭ᠎ᠤᠨ ᠲᠣᠯᠪᠤ ᠵᠢᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠬᠦ ᠬᠡᠷᠡᠭᠲᠡᠢ᠃ 《ᠡᠷᠲᠡ ᠢᠯᠡᠷᠡᠭᠦᠯᠬᠦ᠂ ᠡᠷᠲᠡ ᠬᠤᠷᠢᠭᠯᠠᠬᠤ᠂ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ》 ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠠᠤᠯᠢ ᠲᠣᠭᠲᠠᠭ᠋ᠠᠯ᠎ᠠᠴᠠ ᠵᠥᠷᠢᠴᠡᠨ ᠭᠠᠵᠠᠷ ᠬᠡᠷᠡᠭᠯᠡᠭᠰᠡᠨ ᠦᠶᠯᠡ ᠠᠵᠢᠯᠯᠠᠭ᠎ᠠ᠎ᠳᠤ 《ᠥᠴᠦᠬᠡᠨ ᠴᠦ᠍ ᠠᠭᠤᠴᠢᠯᠠᠬᠤ ᠥᠬᠡᠶ》 ᠥᠨᠳᠥᠷ ᠳᠠᠷᠤᠯᠲᠠ ᠦᠵᠡᠭᠦᠯᠬᠦ ᠪᠠᠶ᠋ᠢᠳᠠᠯ᠎ᠢ ᠪᠠᠲᠤᠯᠠᠬᠤ ᠬᠡᠷᠡᠭᠲᠡᠶ᠃ ᠲᠦᠷᠦ ᠵᠢᠨ ᠪᠤᠳᠤᠯᠭ᠎ᠠ ᠵᠢ ᠤᠬᠠᠭᠤᠯᠵᠤ ᠬᠦᠳᠦᠯᠦᠨ ᠵᠢᠯᠣᠭᠤᠳᠬᠤ ᠵᠢ ᠴᠢᠩᠭ᠋ᠠᠳᠬᠠᠵᠤ᠂ ᠠᠮᠢ ᠠᠬᠤᠢ ᠵᠢᠨ ᠤᠯᠠᠭ᠋ᠠᠨ ᠱᠤᠭᠤᠮ᠎ᠢ ᠬᠠᠮᠠᠭ᠋ᠠᠯᠠᠬᠤ ᠤᠬᠠᠮᠰᠠᠷ᠎ᠢ ᠤᠶᠤᠨ ᠲᠠᠷᠢᠬᠢᠨ᠎ᠳᠠᠭᠠᠨ ᠬᠠᠳᠠᠩᠰᠢᠭᠤᠯᠵᠤ᠂ ᠬᠥᠮᠦᠨ ᠪᠦᠬᠦᠨ ᠣᠶ᠋ᠢᠯᠠᠭ᠋ᠠᠬᠤ᠂ ᠬᠥᠮᠦᠨ ᠪᠦᠬᠦᠨ ᠮᠡᠳᠡᠬᠦ᠂ ᠬᠠᠮᠤᠭ ᠡᠴᠦᠰ᠎ᠲᠤ ᠬᠥᠮᠦᠨ ᠪᠦᠬᠦᠨ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ