ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠳ᠋ᠦ᠋ ᠺᠸᠦ ᠪᠠᠯᠭ᠋ᠠᠰᠤ ᠣᠯᠠᠨ ᠵᠦᠶᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠵᠢ ᠠᠬᠢᠭᠤᠯᠵᠤ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠰᠢᠨ᠎ᠡ ᠬᠠᠭᠤᠳᠠᠰᠤ ᠵᠢ ᠵᠢᠷᠤᠭᠯᠠᠪᠠ

ᠨᠡᠶ᠋ᠢᠲᠡᠯᠡᠭᠰᠡᠨ ᠴᠠᠭ᠄   2025-05-06

        ᠬᠥᠳᠡᠭᠡ ᠲᠣᠰᠬᠤᠨ᠎ᠤ 《ᠥᠩᠭᠡ ᠵᠢᠰᠦ》 ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠣᠶ ᠪᠣᠯᠭ᠋ᠠᠬᠤ ᠵᠢᠨ ᠲᠥᠯᠥᠭᠡ᠂ ᠣᠶ᠋ᠢᠷ᠎ᠠ ᠵᠢᠨ ᠬᠤᠭᠤᠴᠠᠭ᠋ᠠᠨ᠎ᠳᠤ᠂ ᠳ᠋ᠦ᠋ ᠺᠸᠦ ᠪᠠᠯᠭ᠋ᠠᠰᠤ ᠮᠣᠳᠣ ᠳᠠᠷᠢᠵᠤ ᠨᠣᠭᠤᠭ᠋ᠠᠷᠠᠭᠤᠯᠬᠤ᠂ ᠭᠤᠤ ᠰᠤᠪᠠᠭ᠎ᠢ ᠴᠡᠪᠡᠷᠯᠡᠬᠦ᠂ ᠠᠶ᠋ᠢᠯ ᠲᠣᠰᠬᠤᠨ᠎ᠢ ᠴᠡᠪᠡᠷ ᠲᠡᠭᠰᠢ ᠪᠠᠶ᠋ᠢᠯᠭ᠋ᠠᠬᠤ ᠭᠤᠷᠪᠠᠨ ᠶᠡᠭᠡ ᠭᠤᠤᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠬᠥᠳᠡᠭᠡ ᠲᠣᠰᠬᠤᠨ᠎ᠤ ᠰᠠᠭᠤᠷᠢ ᠥᠩᠭᠡ ᠵᠢ ᠭᠤᠶᠣᠯᠠᠵᠤ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠪᠠ ᠵᠣᠯ ᠵᠢᠷᠭ᠋ᠠᠯᠲᠤ ᠲᠥᠷᠥᠭᠳᠡᠯ᠎ᠢ ᠦᠨᠡᠨ ᠬᠦ᠌ ᠨᠡᠮᠡᠭᠳᠡᠭᠦᠯᠪᠡ᠃
    01 ᠮᠣᠳᠤ ᠲᠠᠷᠢᠵᠤ ᠨᠣᠭᠤᠭ᠋ᠠᠷᠠᠭᠤᠯᠬᠤ᠎ᠳᠠᠭᠠᠨ ᠨᠣᠭᠤᠭ᠋ᠠᠷᠠᠭᠤᠯᠵᠤ᠂ ᠠᠮᠢ ᠠᠬᠤᠢ ᠵᠢᠨ ᠰᠠᠭᠤᠷᠢ ᠵᠢ ᠵᠤᠵᠠᠭ᠋ᠠᠳᠬᠠᠵᠠᠢ
     ᠳ᠋ᠦ᠋ ᠺᠸᠦ ᠪᠠᠯᠭ᠋ᠠᠰᠤ ᠬᠠᠪᠤᠷ᠎ᠤᠨ ᠤᠯᠠᠷᠢᠯ᠎ᠤᠨ ᠮᠣᠳᠣ ᠲᠠᠷᠢᠵᠤ ᠣᠶ᠋ᠢᠵᠢᠭᠤᠯᠬᠤ ᠰᠢᠵᠢᠷ ᠠᠯᠳᠠᠨ ᠬᠤᠭᠤᠴᠠᠭ᠎ᠠ ᠵᠢ ᠠᠮᠵᠢᠨ ᠠᠳᠬᠤᠵᠤ᠂ ᠨᠠᠮ᠎ᠤᠨ ᠭᠡᠰᠢᠭᠦᠨ ᠺᠠᠳ᠋ᠷ᠂ ᠰᠠᠶ᠋ᠢᠨ ᠳᠤᠷ᠎ᠠ ᠵᠢᠨ ᠠᠵᠢᠯᠯᠠᠭᠴᠢ᠂ ᠲᠣᠰᠬᠤᠨ᠎ᠤ ᠠᠷᠠᠳ ᠤᠯᠠᠨ ᠵᠡᠷᠭᠡ ᠬᠦᠴᠦᠨ᠎ᠢ ᠵᠣᠬᠢᠶᠠᠨ ᠪᠠᠶ᠋ᠢᠭᠤᠯᠵᠤ᠂ ᠪᠠᠯᠭ᠋ᠠᠰᠤ ᠲᠣᠰᠬᠤᠨ᠎ᠤ ᠭᠤᠣᠯ ᠵᠠᠮ᠂ ᠠᠵᠤ ᠦᠢ᠍ᠯᠡᠰ᠎ᠤᠨ ᠬᠦᠷᠢᠶᠡᠯᠡᠩ᠎ᠤᠨ ᠬᠠᠵᠠᠭᠤ᠎ᠳᠤ ᠶᠡᠭᠡ ᠬᠡᠪᠴᠢᠶᠡᠨ᠎ᠤ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃ ᠲᠣᠰ ᠭᠠᠵᠠᠷ᠎ᠤᠨ ᠠᠭᠤᠷ ᠠᠮᠢᠰᠬᠤᠯ ᠪᠠ ᠬᠥᠷᠥᠰᠥ ᠰᠢᠷᠣᠶ ᠵᠢᠨ ᠨᠥᠬᠦᠴᠡᠯ᠎ᠲᠠᠢ ᠤᠶᠠᠯᠳᠤᠭᠤᠯᠤᠨ᠂ ᠤᠯᠢᠶᠠᠰᠤᠨ ᠮᠣᠳᠣ᠂ ᠤᠨᠵᠢᠭᠢᠷ ᠤᠳᠠ᠂ ᠵᠢᠮᠢᠰ᠎ᠤᠨ ᠮᠣᠳᠣ ᠵᠡᠷᠭᠡ ᠮᠣᠳᠣᠨ᠎ᠤ ᠲᠥᠷᠥᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ᠎ᠡ᠃ ᠨᠠᠮ᠎ᠤᠨ ᠭᠡᠰᠢᠭᠦᠨ ᠺᠠᠳ᠋ᠷ᠎ᠤᠨ ᠳᠠᠭ᠋ᠠᠭᠤᠯᠭ᠎ᠠ ᠳᠣᠣᠷ᠎ᠠ᠂ ᠲᠣᠰᠬᠤᠨ᠎ᠤ ᠠᠷᠠᠳ ᠨᠣᠭᠤᠭ᠋ᠠᠷᠠᠭᠤᠯᠤᠯᠲᠠ ᠵᠢᠨ ᠡᠩᠨᠡᠭᠡᠨ᠎ᠳᠤ ᠣᠷᠣᠵᠤ᠂ ᠪᠦᠬᠦ ᠠᠷᠠᠳ ᠵᠶ᠋ᠠᠷ ᠵᠶ᠋ᠠᠨ ᠨᠣᠭᠤᠭ᠋ᠠᠷᠠᠭᠤᠯᠤᠯᠲᠠ᠎ᠳᠤ ᠣᠷᠣᠯᠴᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠪᠠ᠃ ᠣᠶ᠋ᠢᠷ᠎ᠠ᠎ᠳᠤ ᠡᠯ᠎ᠡ ᠲᠥᠷᠥᠯ᠎ᠤᠨ ᠴᠢᠬᠢ ᠮᠣᠳᠣ 3000 ᠭᠠᠷᠤᠶ ᠳᠠᠷᠢᠵᠤ᠂ ᠵᠠᠮ ᠳᠠᠭ᠋ᠠᠤ᠂ ᠠᠶ᠋ᠢᠯ ᠲᠣᠰᠬᠤᠨ᠎ᠤ ᠥᠨᠴᠥᠭ ᠪᠤᠯᠤᠩ᠎ᠳᠤ 《ᠨᠣᠭᠤᠭ᠋ᠠᠨ ᠬᠤᠪᠴᠠᠰᠤ》 ᠨᠥᠮᠥᠷᠴᠦ᠂ ᠠᠮᠢ ᠠᠬᠤᠶ ᠵᠢᠨ ᠣᠷᠴᠢᠨ ᠨᠥᠬᠦᠴᠡᠯ ᠢᠯᠡᠳᠲᠡ ᠰᠠᠶ᠋ᠢᠵᠢᠷᠠᠪᠠ᠃
    01 ᠲᠤᠩᠭ᠋ᠠᠯᠠᠭ ᠰᠤᠪᠠᠭ᠎ᠤᠨ ᠲᠦᠭᠵᠢᠷᠡᠯ᠎ᠢ ᠨᠡᠪᠲᠡᠷᠡᠭᠦᠯᠵᠦ᠂ ᠬᠥᠳᠡᠭᠡ ᠨᠤᠲᠤᠭ᠎ᠤᠨ ᠳᠦᠷᠰᠦ ᠪᠠᠶ᠋ᠢᠳᠠᠯ᠎ᠢ ᠰᠠᠬᠢᠨ ᠬᠠᠮᠠᠭ᠋ᠠᠯᠠᠪᠠ
      ᠬᠡᠰᠡᠭ ᠭᠤᠤ ᠰᠤᠪᠠᠭ᠎ᠲᠤ ᠣᠷᠣᠰᠢᠵᠤ ᠪᠠᠶ᠋ᠢᠭ᠎ᠠ ᠡᠯᠳᠡᠪ ᠶᠠᠭᠤᠮ᠎ᠠ ᠣᠪᠣᠭ᠋ᠠᠷᠠᠭᠰᠠᠨ᠂ ᠡᠯᠳᠡᠪ ᠡᠪᠡᠰᠦ ᠪᠤᠳᠠᠷᠠᠵᠤ᠂ ᠤᠰᠤᠨ ᠴᠣᠭᠴᠠ ᠵᠢᠨ ᠪᠣᠬᠢᠷᠲᠤᠯ ᠵᠡᠷᠭᠡ ᠠᠰᠠᠭᠤᠳᠠᠯ᠎ᠳᠤ ᠴᠢᠭᠯᠡᠭᠦᠯᠦᠨ᠂ ᠳ᠋ᠦ᠋ ᠺᠸᠦ ᠪᠠᠯᠭ᠋ᠠᠰᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠮᠠᠰᠢᠨ ᠮᠧᠬᠠᠨᠢᠭ᠎ᠢ ᠵᠣᠬᠢᠶᠠᠨ ᠪᠠᠶ᠋ᠢᠭᠤᠯᠤᠨ ᠭᠤᠣᠯ ᠰᠤᠪᠠᠭ ᠰᠤᠪᠠᠭ᠎ᠢ ᠴᠡᠪᠡᠷᠯᠡᠨ ᠵᠠᠰᠠᠵᠤ᠂ ᠬᠥᠮᠦᠨ᠎ᠤ ᠬᠦᠴᠦ᠎ᠪᠠᠷ ᠭᠤᠤ ᠰᠤᠪᠠᠭ᠎ᠤᠨ ᠳᠣᠲᠣᠷᠠᠬᠢ ᠠᠮᠢᠳᠤᠷᠠᠯ᠎ᠤᠨ ᠬᠤᠭ ᠨᠣᠪᠰᠢ᠂ ᠬᠥᠪᠦᠮᠡᠯ ᠪᠣᠳᠠᠰ ᠵᠢᠴᠢ ᠪᠤᠵᠠᠷ ᠡᠪᠡᠰᠦ ᠵᠢ ᠴᠡᠪᠡᠷᠯᠡᠵᠦ᠂ ᠡᠪᠳᠡᠭᠳᠡᠭᠰᠡᠨ ᠭᠤᠤ ᠰᠤᠪᠠᠭ᠎ᠤᠨ ᠪᠡᠯᠡᠳᠬᠡᠮᠵᠢ ᠵᠢ ᠵᠡᠷᠭᠡ᠎ᠳᠤᠨᠢ ᠵᠢᠭᠰᠠᠭ᠋ᠠᠨ ᠪᠠᠶ᠋ᠢᠴᠠᠭ᠋ᠠᠵᠤ ᠵᠠᠰᠠᠨ ᠰᠡᠷᠭᠦᠭᠡᠵᠦ᠂ ᠤᠰᠤᠯᠠᠯᠲᠠ ᠵᠢᠨ ᠤᠰᠤ ᠲᠠᠲᠠᠷᠠᠭᠤᠯᠬᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠪᠠ᠃ ᠡᠭᠦᠨ᠎ᠠᠴᠠ ᠭᠠᠳᠠᠨ᠎ᠠ᠂ ᠰᠡᠷᠡᠮᠵᠢ ᠵᠢᠨ ᠫᠠᠶ᠋ᠢᠰᠠ ᠪᠤᠰᠬᠠᠬᠤ᠎ᠪᠠᠷ ᠳᠠᠮᠵᠢᠭᠤᠯᠤᠨ᠂ ᠡᠳᠦᠷ ᠲᠤᠲᠤᠮ᠎ᠤᠨ ᠲᠣᠭᠤᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠲᠣᠰᠬᠤᠨ᠎ᠤ ᠠᠷᠠᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠭᠤᠤ ᠰᠤᠪᠠᠭ᠎ᠤᠨ ᠣᠷᠴᠢᠨ ᠲᠣᠭᠤᠷᠢᠨ᠎ᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠬᠤᠭ ᠨᠣᠪᠰᠢ ᠳᠤᠷ᠎ᠠ᠎ᠪᠠᠷ ᠵᠶ᠋ᠠᠨ ᠬᠠᠶᠠᠬᠤ᠂ ᠪᠣᠬᠢᠷ ᠤᠰᠤ ᠭᠠᠳᠠᠭᠰᠢᠯᠠᠭᠤᠯᠬᠤ ᠵᠡᠷᠭᠡ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠬᠤ ᠬᠡᠷᠡᠭᠲᠡᠶ᠃ ᠣᠳᠣᠬᠠᠨ᠎ᠳᠤ᠂ ᠪᠥᠬᠦ ᠪᠠᠯᠭ᠋ᠠᠰᠤ ᠨᠢᠭᠡᠨᠲᠡ 124 ᠭᠤᠤ ᠰᠤᠪᠠᠭ᠎ᠢ ᠴᠡᠪᠡᠷᠯᠡᠵᠦ᠂ ᠤᠰᠤᠨ᠎ᠤ ᠣᠷᠴᠢᠨ ᠲᠣᠭᠤᠷᠢᠨ᠎ᠢ ᠪᠦᠲᠦᠮᠵᠢᠲᠡᠶ ᠰᠠᠶ᠋ᠢᠵᠢᠷᠠᠭᠤᠯᠵᠤ᠂ 《ᠤᠰᠤ᠎ᠨᠢ ᠲᠤᠩᠭ᠋ᠠᠯᠠᠭ᠂ ᠰᠤᠪᠠᠭ᠎ᠨᠢ ᠰᠢᠯᠤᠭᠤᠬᠠᠨ》 ᠬᠥᠳᠡᠭᠡ ᠲᠣᠰᠬᠤᠨ᠎ᠤ ᠳᠦᠷᠰᠦ ᠪᠠᠶ᠋ᠢᠳᠠᠯ᠎ᠢ ᠳᠠᠬᠢᠨ ᠢᠯᠡᠷᠡᠭᠦᠯᠪᠡ᠃
    ᠪᠦᠬᠦ ᠴᠠᠷᠠᠭ᠎ᠠ ᠵᠢ ᠴᠡᠭᠴᠡᠯᠡᠨ ᠵᠠᠰᠠᠵᠤ᠂ ᠠᠶ᠋ᠢᠯ ᠲᠣᠰᠬᠤᠨ᠎ᠤ ᠳᠦᠷᠢ ᠳᠦᠷᠬᠦ ᠵᠢ ᠭᠡᠷᠡᠯᠲᠦᠭᠦᠯᠪᠡ
      《ᠭᠤᠷᠪᠠ ᠵᠢ ᠴᠡᠪᠡᠷᠯᠡᠵᠦ ᠭᠤᠷᠪᠠ ᠵᠢ ᠨᠤᠷᠠᠭ᠋ᠠᠵᠤ ᠭᠤᠷᠪᠠ ᠵᠢ ᠴᠡᠭᠴᠡᠯᠡᠨ ᠵᠠᠰᠠᠬᠤ》᠎ᠪᠠᠷ ᠭᠠᠷᠳᠠᠴᠠ ᠪᠣᠯᠭ᠋ᠠᠵᠤ᠂ ᠲᠣᠰᠬᠤᠨ᠎ᠤ ᠳᠣᠲᠣᠷᠠᠬᠢ ᠠᠷᠢᠭᠤᠨ ᠴᠡᠪᠡᠷ᠎ᠤᠨ ᠦᠯᠦ ᠣᠨᠣᠭᠳᠠᠬᠤ ᠭᠠᠵᠠᠷ᠂ ᠭᠤᠳᠤᠮᠵᠢ ᠵᠢᠨ ᠡᠯᠳᠡᠪ ᠪᠣᠳᠠᠰ᠂ ᠬᠤᠷᠠᠮᠳᠤᠭᠤᠯᠤᠭᠰᠠᠨ ᠬᠤᠭ ᠨᠣᠪᠰᠢ ᠵᠢ ᠭᠤᠣᠯᠳᠠᠯᠭ᠎ᠠ᠎ᠲᠠᠢ ᠪᠦᠬᠦ ᠲᠠᠯ᠎ᠠ᠎ᠪᠠᠷ ᠴᠡᠪᠡᠷᠯᠡᠵᠦ᠂ ᠭᠡᠷ᠎ᠤᠨ ᠵᠢᠭᠦᠷᠲᠡᠨ᠎ᠢ ᠲᠡᠵᠢᠭᠡᠨ ᠦᠷᠡᠵᠢᠭᠦᠯᠬᠦ᠂ ᠨᠤᠷᠠᠬᠤ ᠠᠶᠤᠯᠲᠠᠢ ᠬᠠᠭᠤᠴᠢᠨ ᠬᠠᠰᠢᠶ᠎ᠠ ᠵᠢ ᠨᠤᠷᠠᠭ᠋ᠠᠬᠤ᠂ ᠬᠠᠶᠠᠭᠳᠠᠮᠠᠯ ᠭᠡᠷ᠎ᠤᠨ ᠬᠡᠷᠡᠭᠰᠡᠯ᠎ᠢ ᠴᠡᠪᠡᠷᠯᠡᠬᠦ ᠵᠢ ᠵᠡᠷᠭᠡᠪᠡᠷ ᠵᠢᠷᠤᠮᠵᠢᠭᠤᠯᠵᠤ᠂ ᠲᠣᠰᠬᠤᠨ᠎ᠤ ᠠᠷᠠᠳ᠎ᠢ ᠳᠠᠶ᠋ᠢᠴᠢᠯᠠᠨ ᠭᠡᠷ᠎ᠤᠨ ᠠᠷᠤ ᠲᠠᠯ᠎ᠠ ᠵᠢᠨ ᠡᠯᠳᠡᠪ ᠪᠣᠳᠠᠰ᠎ᠢ ᠰᠠᠨᠠᠭ᠋ᠠᠴᠢᠯᠠᠭ᠎ᠠ᠎ᠠᠴᠠ᠎ᠪᠠᠨ ᠴᠡᠪᠡᠷᠯᠡᠭᠦᠯᠪᠡ᠃ ᠬᠤᠪᠢ ᠬᠤᠷᠠᠮᠳᠤᠭᠤᠯᠵᠤ ᠠᠮᠢᠳᠤᠷᠠᠯ᠎ᠤᠨ ᠬᠡᠷᠡᠭᠰᠡᠯ᠎ᠢ ᠰᠣᠯᠢᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠣᠰᠬᠤᠨ᠎ᠤ ᠠᠷᠠᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠣᠷᠴᠢᠨ ᠠᠬᠤᠶ ᠵᠢ ᠴᠡᠭᠴᠡᠯᠡᠨ ᠵᠠᠰᠠᠬᠤ᠎ᠳᠤ ᠤᠬᠠᠮᠰᠠᠷ᠎ᠠᠴᠠ᠎ᠪᠠᠨ ᠣᠷᠣᠯᠴᠠᠭᠤᠯᠵᠤ᠂ ᠦᠢ᠍ᠯᠡᠳᠪᠦᠷᠢᠯᠡᠯ ᠠᠮᠢᠳᠤᠷᠠᠯ᠎ᠤᠨ ᠡᠳ᠋ ᠪᠣᠳᠠᠰ᠎ᠢ ᠵᠢᠷᠤᠮᠵᠢᠭᠤᠯᠤᠨ ᠲᠠᠯᠪᠢᠵᠤ᠂ ᠴᠡᠪᠡᠷ ᠲᠡᠭᠰᠢ ᠬᠦᠷᠢᠶ᠎ᠡ ᠬᠠᠰᠢᠶ᠎ᠠ ᠵᠢ ᠪᠣᠶ ᠪᠣᠯᠭ᠋ᠠᠨ᠎ᠠ᠃ ᠡᠭᠦᠨ᠎ᠤ ᠬᠠᠮᠲᠤ᠂ 《ᠮᠠᠰᠢᠨ ᠵᠶ᠋ᠠᠷ ᠲᠡᠭᠦᠵᠦ ᠠᠪᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠠᠷᠢᠶᠠᠨ ᠭᠠᠵᠠᠷ᠂ ᠭᠤᠤ ᠰᠤᠪᠠᠭ᠂ ᠵᠠᠮ᠎ᠤᠨ ᠬᠠᠵᠠᠭᠤ᠎ᠳᠤ ᠦᠯᠡᠳᠡᠭᠰᠡᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠵᠢ ᠲᠥᠪᠯᠡᠷᠡᠭᠦᠯᠦᠨ ᠴᠡᠪᠡᠷᠯᠡᠵᠦ᠂ ᠲᠠᠷᠢᠶᠠᠨ ᠭᠠᠵᠠᠷ᠎ᠤᠨ 《ᠴᠠᠭ᠋ᠠᠨ ᠪᠣᠬᠢᠷᠲᠤᠯ》᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠤᠷᠠᠭᠤᠯᠤᠨ᠎ᠠ᠃ ᠣᠳᠣᠬᠠᠨ᠎ᠳᠤ᠂ ᠲᠣᠰᠬᠤᠨ᠎ᠤ ᠵᠠᠮ ᠴᠡᠪᠡᠷ ᠴᠡᠮᠴᠡᠭᠡᠷ ᠪᠠᠶ᠋ᠢᠵᠤ᠂ ᠭᠡᠷ ᠪᠠᠶ᠋ᠢᠰᠢᠩ ᠡᠮᠬᠢ ᠴᠡᠭᠴᠡ᠎ᠲᠠᠢ ᠪᠠᠶ᠋ᠢᠵᠤ᠂ ᠲᠣᠰᠬᠤᠨ᠎ᠤ ᠳᠦᠷᠰᠦ ᠪᠠᠶ᠋ᠢᠳᠠᠯ ᠴᠣ᠌ ᠰᠢᠨ᠎ᠡ ᠪᠣᠯᠵᠠᠶ᠃
      ᠲᠣᠰ ᠤᠳᠠᠭ᠋ᠠᠨ᠎ᠤ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠠᠵᠢᠯᠯᠠᠭ᠎ᠠ᠎ᠨᠢ ᠳ᠋ᠦ᠋ ᠺᠸᠦ ᠪᠠᠯᠭ᠋ᠠᠰᠤᠨ᠎ᠤ ᠠᠮᠢ ᠠᠬᠤᠶ ᠵᠢᠨ ᠣᠷᠴᠢᠨ ᠲᠣᠭᠤᠷᠢᠨ ᠪᠠ ᠲᠣᠰᠬᠤᠨ᠎ᠤ ᠳᠦᠷᠰᠦ ᠪᠠᠶ᠋ᠢᠳᠠᠯ᠎ᠢ ᠰᠠᠶ᠋ᠢᠵᠢᠷᠠᠭᠤᠯᠤᠭᠰᠠᠨ ᠵᠶ᠋ᠠᠷ ᠪᠠᠷᠠᠬᠤ ᠥᠬᠡᠶ᠂ ᠣᠯᠠᠨ ᠲᠦᠮᠡᠨ᠎ᠤ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠬᠠᠯᠠᠭᠤᠨ ᠰᠡᠳᠬᠢᠯᠭᠡ ᠵᠢ ᠨᠠᠩ ᠬᠥᠭᠵᠢᠭᠡᠵᠡᠢ᠃ ᠳᠠᠷᠠᠭ᠋ᠠᠴᠢ ᠵᠢᠨ ᠠᠯᠬᠤᠮ᠎ᠳᠤ᠂ ᠳ᠋ᠦ᠋ ᠺᠸᠤ ᠪᠠᠯᠭ᠋ᠠᠰᠤ ᠵᠢᠨ᠎ᠬᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ 《ᠡᠷᠬᠢᠨ ᠬᠠᠷᠠᠬᠤ》 ᠪᠠᠶ᠋ᠢᠴᠠᠭ᠋ᠠᠯᠲᠠ ᠵᠢ ᠥᠷᠨᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠵᠶ᠋ᠠᠨ ᠪᠠᠬᠢᠵᠢᠭᠦᠯᠬᠦ ᠵᠢᠨ ᠬᠠᠮᠲᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠎ᠲᠠᠢ ᠤᠶᠠᠯᠳᠤᠭᠤᠯᠵᠤ᠂ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠣᠯᠤᠨ ᠠᠮᠢ ᠠᠬᠤᠢ ᠵᠢᠨ ᠦᠵᠡᠮᠵᠢ ᠵᠢᠨ ᠳᠡᠭᠡᠭᠰᠢᠯᠡᠯᠲᠡ ᠵᠢ ᠦᠷᠭᠦᠯᠵᠢᠯᠡᠨ ᠠᠬᠢᠭᠤᠯᠵᠤ᠂ ᠠᠮᠢ ᠠᠬᠤᠢ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶ᠋ᠢᠬᠠᠨ ᠰᠢᠨ᠎ᠡ ᠭᠡᠷ ᠣᠷᠣᠨ᠎ᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ