ᠰᠢᠯᠢ ᠵᠢᠨ ᠭᠤᠤᠯ ᠠᠶ᠋ᠢᠮᠠᠭ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠱᠦ᠍ ᠭᠤᠸᠠᠩ ᠨᠠᠷ ᠪᠠᠶᠠᠨᠭᠤᠤᠯ ᠪᠠᠯᠭ᠋ᠠᠰᠤᠨ᠎ᠳᠤ ᠭᠦᠨᠵᠡᠭᠡᠶ᠋ᠢᠷᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠂ ᠳ᠋ᠧᠩᠺᠸᠤ ᠵᠢᠨ ᠬᠤᠸᠠ ᠯᠠᠶ ᠱ᠌ᠢ ᠭᠤᠸ᠎ᠠ ᠤᠨᠴᠠᠯᠢᠬᠳᠤ ᠠᠵᠤ ᠦᠶᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠡᠵᠡᠩᠨᠡᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-23
5 ᠰᠠᠷ᠎ᠠ ᠵᠢᠨ 22᠎ᠤᠨ ᠡᠳᠦᠷ᠂ ᠰᠢᠯᠢ ᠵᠢᠨ ᠭᠤᠤᠯ ᠠᠶ᠋ᠢᠮᠠᠭ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠱᠦ᠍ ᠭᠤᠸᠠᠩ ᠨᠠᠷ ᠪᠠᠶᠠᠨᠭᠤᠤᠯ ᠪᠠᠯᠭ᠋ᠠᠰᠤᠨ᠎ᠳᠤ ᠭᠦᠨᠵᠡᠭᠡᠶ᠋ᠢᠷᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠂ ᠳ᠋ᠧᠩᠺᠸᠤ ᠵᠢᠨ ᠬᠤᠸᠠ ᠯᠠᠶ ᠱ᠌ᠢ ᠭᠤᠸ᠎ᠠ ᠤᠨᠴᠠᠯᠢᠬᠳᠤ ᠠᠵᠤ ᠦᠶᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠡᠵᠡᠩᠨᠡᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃ ᠪᠠᠶᠠᠨᠨᠠᠭᠤᠷ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠠᠩ ᠰᠢᠤ ᠸᠧᠨ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠯᠢᠶᠠᠩ ᡁᠢ ᠴᠢᠶᠠᠩ ᠬᠠᠮᠲᠤ ᠪᠠᠶ᠋ᠢᠴᠠᠭ᠋ᠠᠨ ᠰᠤᠳᠤᠯᠤᠯᠲᠠ ᠬᠢᠪᠠ᠃

ᠱᠦ᠍ ᠭᠤᠸᠠᠩ ᠨᠠᠷ ᠨᠠᠨᠺᠠᠢ ᠨᠡᠶ᠋ᠢᠭᠡᠮ ᠲᠣᠭᠤᠷᠢᠭ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠤᠨ ᠪᠢᠴᠢᠯ ᠦᠵᠡᠭᠦᠯᠦᠯᠭᠡ ᠵᠢᠨ ᠲᠢᠩᠬᠢᠮ᠎ᠳᠤ ᠬᠦᠷᠴᠦ᠂ ᠪᠠᠶᠠᠨᠭᠤᠣᠯ ᠪᠠᠯᠭ᠋ᠠᠰᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠵᠡᠷᠭᠡ ᠠᠵᠢᠯ᠎ᠤᠨ ᠠᠷᠭ᠎ᠠ ᠬᠢᠳᠡᠯ᠎ᠤᠨ ᠦᠷ᠎ᠡ ᠪᠦᠲᠦᠮᠵᠢ ᠵᠢ ᠨᠠᠷᠢᠨ ᠣᠶ᠋ᠢᠯᠠᠭ᠋ᠠᠬᠤ ᠵᠢᠨ ᠬᠠᠮᠲᠤ ᠰᠠᠨᠠᠯ ᠵᠶ᠋ᠠᠨ ᠰᠣᠯᠢᠯᠴᠠᠨ ᠶᠠᠷᠢᠯᠴᠠᠪᠠ᠃ ᠳᠠᠷᠠᠭ᠎ᠠ᠎ᠨᠢ᠂ ᠳ᠋ᠧᠩᠺᠸᠤ ᠵᠢᠨ ᠬᠤᠸᠠ ᠯᠠᠢ ᠱ᠌ᠢ ᠭᠤᠸᠠᠢ ᠵᠢᠨ ᠤᠨᠴᠠᠯᠢᠬᠳᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠲᠤ ᠬᠦᠷᠴᠦ᠂ ᠬᠤᠸᠠ ᠯᠠᠢ ᠱ᠌ᠢ ᠭᠤᠸ᠎ᠠ ᠵᠢᠨ ᠤᠷᠭᠤᠯᠲᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠬᠤᠸᠠ ᠯᠠᠢ ᠱ᠌ᠢ ᠭᠤᠸ᠎ᠠ ᠵᠢᠨ ᠤᠨᠴᠠᠯᠢᠬᠳᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠣᠶᠤᠨᠴᠢ ᠦᠵᠡᠭᠦᠯᠦᠯᠭᠡ ᠵᠢᠨ ᠲᠢᠩᠬᠢᠮ᠎ᠳᠤ᠂ ᠳ᠋ᠧᠩᠺᠸᠤ ᠵᠢᠨ ᠬᠤᠸᠠ ᠯᠠᠢ ᠱ᠌ᠢ ᠭᠤᠸ᠎ᠠ ᠤᠨᠴᠠᠯᠢᠬᠳᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠠᠵᠢᠯᠯᠠᠭ᠋ᠠᠨ᠎ᠤ ᠪᠠᠶ᠋ᠢᠳᠠᠯ ᠪᠣᠯᠤᠨ ᠬᠤᠸᠠ ᠯᠠᠢ ᠱ᠌ᠢ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃

ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠠᠴᠠ ᠵᠢᠭ᠋ᠠᠵᠤ ᠭᠠᠷᠭ᠋ᠠᠭᠰᠠᠨ᠎ᠨᠢ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠦᠵᠡᠭᠦᠯᠦᠯᠭᠡ ᠵᠢᠨ ᠲᠢᠩᠬᠢᠮ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠪᠠᠷ ᠳᠠᠮᠵᠢᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠪᠠᠲᠤ ᠪᠠᠬᠢ ᠦᠨᠳᠦᠰᠦ ᠰᠠᠭᠤᠷᠢ ᠮᠥᠨ᠂ ᠦᠨᠳᠦᠰᠦᠲᠡᠨ᠎ᠤ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠳᠤ ᠮᠠᠰᠢ ᠰᠠᠶ᠋ᠢᠨ ᠰᠡᠩᠬᠡᠷᠡᠭᠦᠯᠬᠦ ᠪᠠ ᠠᠬᠢᠭᠤᠯᠬᠤ ᠦᠢ᠍ᠯᠡᠳᠦᠯ᠎ᠲᠠᠢ ᠭᠡᠳᠡᠭ᠎ᠢ ᠭᠦᠨᠵᠡᠭᠡᠶ ᠲᠠᠨᠢᠬᠤ ᠬᠡᠷᠡᠭᠲᠡᠶ᠃ ᠪᠠᠶ᠋ᠢᠴᠠᠭ᠋ᠠᠨ ᠰᠤᠳᠤᠯᠤᠯᠲᠠ᠎ᠪᠠᠷ ᠳᠠᠮᠵᠢᠨ ᠳ᠋ᠧᠩᠺᠸᠤ ᠰᠢᠶᠠᠨ᠎ᠤ ᠬᠤᠸᠠ ᠯᠠᠢ ᠱ᠌ᠢ ᠭᠤᠸ᠎ᠠ ᠲᠠᠷᠢᠬᠤ᠎ᠨᠢ ᠥᠷᠭᠡᠨ ᠠᠭᠤᠳᠠᠮ ᠬᠥᠭᠵᠢᠯᠲᠡ ᠵᠢᠨ ᠳᠠᠯᠳᠠ ᠬᠦᠴᠦᠨ ᠪᠠ ᠵᠠᠬ᠎ᠠ ᠳᠡᠯᠭᠡᠭᠦᠷ᠎ᠤᠨ ᠠᠯᠤᠰ ᠢᠷᠡᠭᠡᠳᠦᠢ᠎ᠲᠠᠢ ᠪᠠᠶ᠋ᠢᠬᠤ ᠵᠢ ᠣᠶ᠋ᠢᠯᠠᠭ᠋ᠠᠵᠤ᠂ ᠲᠦᠷᠦᠯ ᠲᠡᠮᠳᠡᠭ᠎ᠤᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳ᠋ᠧᠩᠺᠸᠤ ᠰᠢᠶᠠᠨ᠎ᠤ ᠬᠤᠸᠠ ᠯᠠᠢ ᠱ᠌ᠢ ᠭᠤᠸ᠎ᠠ ᠵᠢᠨ ᠠᠯᠳᠠᠷᠰᠢᠯ ᠪᠠ ᠵᠠᠬ᠎ᠠ ᠳᠡᠯᠭᠡᠭᠦᠷ᠎ᠤᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠤᠨᠴᠠᠯᠢᠬᠳᠤ ᠲᠠᠷᠢᠶᠠᠯᠠᠩ᠎ᠤᠨ ᠠᠵᠤ ᠦᠢ᠍ᠯᠡᠰ᠎ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠲᠦᠷᠦᠯ ᠳᠡᠮᠳᠡᠭᠵᠢᠭᠰᠡᠨ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠬᠤ ᠬᠡᠷᠡᠭᠲᠡᠢ᠃ ᠳᠠᠷᠠᠭ᠋ᠠᠴᠢ ᠵᠢᠨ ᠠᠯᠬᠤᠮ᠎ᠳᠤ᠂ ᠬᠤᠶᠠᠷ ᠲᠠᠯ᠎ᠠ᠎ᠪᠠᠷ ᠵᠶ᠋ᠠᠨ ᠰᠣᠯᠢᠯᠴᠠᠭ᠎ᠠ᠎ᠪᠠᠨ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠠᠵᠢᠯ᠎ᠤᠨ ᠲᠤᠷᠰᠢᠯᠭ᠎ᠠ᠎ᠪᠠᠨ ᠬᠤᠪᠢᠶᠠᠯᠴᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ᠂ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ ᠵᠢ ᠬᠠᠮᠲᠤ᠎ᠪᠠᠷ ᠠᠬᠢᠭᠤᠯᠵᠤ᠂ ᠬᠤᠶᠠᠷ ᠭᠠᠵᠠᠷ᠎ᠲᠤ ᠨᠡᠩ ᠤᠯᠠᠨ ᠰᠣᠯᠢᠯᠴᠠᠨ ᠰᠤᠷᠤᠯᠴᠠᠬᠤ ᠠᠵᠠ ᠲᠣᠬᠢᠶᠠᠯ᠎ᠢ ᠪᠦᠷᠢᠯᠳᠦᠭᠦᠯᠵᠦ ᠥᠭᠬᠦ ᠬᠡᠷᠡᠭᠲᠡᠢ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ