ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠱᠠᠵᠢᠨᠲᠤᠬᠤᠢ ᠰᠤᠮᠤ᠄ ᠨᠠᠮ᠎ᠤᠨ ᠪᠠᠶ᠋ᠢᠭᠤᠯᠤᠯᠲᠠ᠎ᠨᠢ ᠠᠮᠢ ᠠᠬᠤᠢ ᠵᠢᠨ ᠨᠣᠭᠤᠭ᠋ᠠᠷᠠᠭᠤᠯᠤᠯᠲᠠ ᠵᠢ ᠬᠦᠳᠦᠯᠦᠨ ᠳᠠᠭ᠋ᠠᠭᠤᠯᠵᠤ ᠠᠯᠪᠠᠨ ᠵᠢᠷᠤᠮ᠎ᠤᠨ ᠮᠣᠳᠣ ᠲᠠᠷᠢᠬᠤ ᠬᠤᠰᠢᠭᠤᠴᠢ ᠪᠣᠯᠤᠨ᠎ᠠ

ᠨᠡᠶ᠋ᠢᠲᠡᠯᠡᠭᠰᠡᠨ ᠴᠠᠭ᠄   2025-05-09

      ᠨᠠᠮ᠎ᠤᠨ ᠪᠠᠶ᠋ᠢᠭᠤᠯᠤᠯᠲᠠ᠎ᠪᠠᠷ ᠠᠮᠢ ᠠᠬᠤᠢ ᠨᠣᠭᠤᠭ᠋ᠠᠷᠠᠵᠤ᠂ ᠠᠯᠪᠠᠨ ᠵᠢᠷᠤᠮ᠎ᠤᠨ ᠮᠣᠳᠣ ᠲᠠᠷᠢᠬᠤ ᠠᠵᠢᠯ᠎ᠢ ᠬᠤᠰᠢᠭᠤᠴᠢ ᠪᠣᠯᠭ᠋ᠠᠪᠠ; ᠬᠠᠪᠤᠷ᠎ᠤᠨ ᠤᠷᠢᠬᠠᠨ ᠰᠠᠯᠬᠢ ᠬᠦᠬᠡᠷᠡᠨ ᠨᠣᠭᠤᠭ᠋ᠠᠷᠠᠵᠤ᠂ ᠮᠣᠳᠣ ᠲᠠᠷᠢᠬᠤ ᠴᠠᠭ ᠶᠠᠭ ᠴᠠᠭ᠎ᠲᠠᠭᠠᠨ ᠪᠤᠢ᠃ 5 ᠰᠠᠷ᠎ᠠ ᠵᠢᠨ 3᠎ᠤ ᠡᠳᠦᠷ᠂ ᠱᠠᠵᠢᠨᠳᠤᠬᠤᠢ ᠰᠤᠮᠤᠨ᠎ᠤ ᠪᠠᠶ᠋ᠢᠭᠤᠯᠤᠯᠭ᠎ᠠ ᠵᠢᠨ ᠨᠠᠮ᠎ᠤᠨ ᠡᠭᠦᠷ᠂ ᠪᠠᠶᠠᠨᠪᠤᠯᠠᠭ ᠭᠠᠴᠠᠭ᠋ᠠᠨ᠎ᠤ ᠨᠠᠮ᠎ᠤᠨ ᠡᠭᠦᠷ᠎ᠠᠴᠠ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠰᠠᠭᠤᠷᠢ ᠵᠢ ᠪᠠᠲᠤᠳᠬᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠬᠥᠭᠵᠢᠯᠲᠡ ᠵᠢ ᠠᠬᠢᠭᠤᠯᠬᠤ》᠎ᠪᠠᠷ ᠭᠤᠣᠯ ᠰᠡᠳᠦᠪ ᠪᠣᠯᠭ᠋ᠠᠭᠰᠠᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ᠂ ᠺᠠᠳ᠋ᠷ᠂ ᠭᠠᠴᠠᠭ᠋ᠠᠨ᠎ᠤ 《ᠬᠤᠶᠠᠷ ᠵᠥᠪᠯᠡᠯ》᠂ ᠨᠠᠮ᠎ᠤᠨ ᠭᠡᠰᠢᠭᠦᠨ᠂ ᠣᠶᠤᠲᠠᠨ ᠲᠣᠰᠬᠤᠨ᠎ᠤ ᠳᠠᠷᠤᠭ᠎ᠠ᠂ ᠰᠤᠮᠤᠨ᠎ᠤ ᠤᠢ ᠰᠢᠭᠤᠢ ᠬᠠᠮᠠᠭ᠋ᠠᠯᠠᠭᠴᠢᠳ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠢ ᠠᠮᠢ ᠠᠬᠤᠢ ᠵᠢᠨ ᠵᠠᠰᠠᠯᠲᠠ᠎ᠳᠤ ᠠᠭᠤᠰᠤᠯᠴᠠᠭᠤᠯᠵᠤ᠂ ᠠᠵᠢᠯᠯᠠᠭ᠎ᠠ᠎ᠪᠠᠷ ᠠᠮᠢ ᠠᠬᠤᠢ ᠵᠢᠨ ᠬᠠᠮᠠᠭ᠋ᠠᠯᠠᠯᠲᠠ ᠵᠢᠨ ᠡᠭᠦᠷᠭᠡ ᠵᠢ ᠦᠢ᠍ᠯᠡᠳᠦᠯᠭᠡᠵᠢᠭᠦᠯᠪᠡ᠃
      ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠨᠠᠮ᠎ᠤᠨ ᠭᠡᠰᠢᠭᠦᠨ᠂ ᠺᠠᠳ᠋ᠷ ᠤᠢ ᠰᠢᠭᠤᠢ ᠵᠢᠨ ᠬᠠᠮᠠᠭ᠋ᠠᠯᠠᠭᠴᠢᠳ᠎ᠲᠠᠢ ᠠᠵᠢᠯ᠎ᠤᠨ ᠬᠤᠪᠢᠶᠠᠷᠢᠯᠠᠯ ᠲᠣᠳᠣᠷᠬᠠᠢ᠂ ᠨᠢᠭᠲᠠ ᠬᠠᠮᠵᠢᠯᠴᠠᠵᠤ᠂ ᠬᠦᠷ ᠬᠥᠭᠵᠢᠶᠡᠨ᠎ᠲᠠᠢ ᠬᠥᠳᠡᠯᠮᠦᠷᠢ ᠵᠢᠨ ᠪᠠᠶ᠋ᠢᠳᠠᠯ ᠢᠯᠡᠷᠡᠵᠡᠢ᠃ ᠴᠢᠬᠢ ᠵᠥᠭᠡᠭᠡᠪᠦᠷᠢᠯᠡᠬᠦ ᠳᠤᠭᠤᠶ᠋ᠢᠯᠠᠩ᠎ᠨᠢ ᠴᠢᠬᠢ ᠮᠣᠳᠣ ᠬᠠᠳᠠᠭ᠋ᠠᠯᠠᠬᠤ ᠲᠣᠭᠤᠷᠢᠭ ᠪᠣᠯᠤᠨ ᠲᠠᠷᠢᠬᠤ ᠴᠡᠭ᠎ᠲᠤ ᠬᠦᠷᠴᠦ᠂ ᠴᠢᠬᠢ ᠮᠣᠳᠣ ᠵᠢ ᠴᠠᠭ ᠲᠤᠬᠠᠶ᠎ᠳᠤᠨᠢ ᠨᠥᠬᠦᠪᠥᠷᠢᠯᠡᠬᠦ ᠵᠢ ᠦᠨᠡᠨ ᠬᠦ᠌ ᠪᠠᠲᠤᠯᠠᠪᠠ; ᠮᠣᠳᠣ ᠲᠠᠷᠢᠬᠤ ᠳᠤᠭᠤᠶ᠋ᠢᠯᠠᠩ ᠬᠤᠶᠠᠷ ᠬᠤᠪᠢ ᠵᠢᠨ ᠠᠩᠭᠢ ᠵᠢᠨ᠎ᠬᠢᠨ ᠬᠦᠷᠵᠡ ᠡᠷᠭᠢᠭᠦᠯᠦᠨ ᠰᠢᠷᠣᠶ ᠬᠤᠰᠤᠵᠤ᠂ ᠴᠢᠬᠢ ᠮᠣᠳᠣ ᠵᠢ ᠲᠦᠰᠢᠵᠦ ᠨᠦᠬᠡ ᠵᠢ ᠪᠥᠭᠯᠡᠵᠦ᠂ ᠰᠢᠷᠣᠶ ᠭᠢᠰᠬᠢᠨ ᠴᠢᠬᠢ ᠵᠢ ᠬᠠᠩᠳᠠᠵᠤ᠂ ᠠᠵᠢᠯ᠎ᠤᠨ ᠳᠡᠰ ᠳᠠᠷᠠᠭ᠋ᠠᠯᠠᠯ ᠨᠢᠭᠡᠪᠦᠷᠢ ᠵᠢ ᠨᠠᠷᠢᠨ ᠨᠢᠮᠪᠠᠶ ᠪᠠᠶ᠋ᠢᠳᠠᠭ᠃ ᠡᠮᠦᠨᠡᠬᠢ ᠬᠤᠭᠤᠴᠠᠭ᠋ᠠᠨ᠎ᠳᠤ ᠳᠡᠪᠢᠰᠴᠦ ᠪᠠᠶ᠋ᠢᠭᠰᠠᠨ ᠳᠤᠰᠤᠯᠭ᠋ᠠᠨ ᠤᠰᠤᠯᠠᠬᠤ ᠰᠢᠰᠲ᠋ᠧᠮ᠎ᠠᠴᠠ ᠪᠣᠯᠵᠣ᠂ ᠮᠠᠰᠢᠨ ᠬᠤᠳᠳᠤᠭ᠎ᠨᠢ ᠨᠢᠭᠡᠨᠲᠡ ᠭᠠᠵᠠᠷ ᠰᠢᠷᠣᠶ ᠵᠢ ᠤᠷᠢᠳᠴᠢᠯᠠᠨ ᠨᠡᠪᠲᠡᠷᠡᠭᠦᠯᠵᠦ᠂ ᠴᠢᠭᠢᠭᠯᠢᠭ ᠬᠥᠷᠥᠰᠥ ᠰᠢᠷᠣᠶ᠎ᠨᠢ ᠰᠢᠨ᠎ᠡ ᠴᠢᠬᠢ ᠵᠢ ᠦᠨᠳᠦᠰᠦᠯᠡᠭᠦᠯᠬᠦ᠎ᠳᠤ ᠰᠠᠶ᠋ᠢᠨ ᠰᠠᠶ᠋ᠢᠬᠠᠨ ᠨᠥᠬᠦᠴᠡᠯ ᠬᠠᠩᠭ᠋ᠠᠭᠰᠠᠨ ᠪᠠᠶ᠋ᠢᠨ᠎ᠠ᠃ ᠪᠦᠬᠦᠯᠢ ᠡᠳᠦᠷ᠎ᠤᠨ ᠴᠢᠷᠮᠠᠢ᠍ᠯᠭ᠎ᠠ᠎ᠪᠠᠷ ᠳᠠᠮᠵᠢᠭ᠋ᠠᠳ᠂ 1.5 ᠲᠦᠮᠡᠨ ᠰᠠᠭᠤᠷᠢ ᠲᠣᠬᠢᠷᠠᠮᠵᠢᠲᠠᠢ ᠴᠢᠬᠢ ᠮᠣᠳᠣ ᠳᠠᠷᠢ ᠲᠡᠭᠱ᠌ᠢ ᠵᠢᠭᠰᠠᠭ ᠠᠵᠤ᠂ ᠡᠯᠡᠰᠦᠨ ᠴᠦᠯ᠎ᠤᠨ ᠬᠥᠪᠡᠭᠡ ᠬᠢᠵᠠᠭ᠋ᠠᠷ᠎ᠲᠤ ᠨᠢᠭᠡᠨ ᠬᠦᠰᠡᠯ ᠡᠷᠡᠮᠡᠯᠵᠡᠯ ᠪᠢᠯᠬᠠᠭᠰᠠᠨ ᠨᠣᠭᠣᠭ᠋ᠠᠨ ᠲᠣᠣᠷ ᠨᠡᠬᠡᠭᠰᠡᠨ ᠮᠡᠲᠦ᠃
      ᠨᠢᠭᠡ ᠪᠢᠲᠡᠭᠦᠦ ᠬᠠᠯᠠᠭᠤᠨ ᠬᠥᠷᠥᠰᠥ ᠵᠢ ᠨᠢᠭᠡ ᠬᠤᠪᠢ ᠠᠮᠠᠯᠠᠭᠰᠠᠨ ᠨᠢᠭᠡ ᠬᠤᠪᠢ ᠠᠮᠠᠯᠠᠯᠲᠠ᠃ ᠲᠣᠰ ᠤᠳᠠᠭ᠋ᠠᠨ᠎ᠤ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠨᠢ ᠡᠯᠡᠰᠦᠨ ᠴᠦᠯ᠎ᠤᠨ ᠬᠥᠪᠡᠭᠡ᠎ᠳᠤ ᠠᠮᠢ ᠠᠬᠤᠶ ᠵᠢᠨ ᠬᠠᠯᠬᠠᠪᠴᠢ ᠵᠢ ᠪᠠᠶ᠋ᠢᠭᠤᠯᠵᠤ ᠥᠭᠭᠦᠭᠰᠡᠨ ᠵᠶ᠋ᠠᠷ ᠪᠠᠷᠠᠬᠤ ᠥᠬᠡᠶ᠂ ᠨᠠᠩ ᠴᠤ᠌ 《ᠨᠠᠮ᠎ᠤᠨ ᠪᠠᠶ᠋ᠢᠭᠤᠯᠤᠯᠲᠠ ᠵᠢᠨ ᠠᠮᠢ ᠠᠬᠤᠶ》 ᠵᠢᠨ ᠭᠦᠨᠵᠡᠭᠡᠶ ᠠᠭᠤᠰᠤᠯᠴᠠᠯ ᠵᠶ᠋ᠠᠷ ᠳᠠᠮᠵᠢᠭᠤᠯᠤᠨ᠂ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠢ ᠪᠣᠬᠢᠷᠲᠤᠯ ᠥᠬᠡᠶ ᠬᠥᠭᠵᠢᠯᠲᠡ ᠵᠢᠨ ᠣᠨᠣᠯᠵᠢᠬᠤᠨ᠎ᠢ ᠦᠢ᠍ᠯᠡᠳᠦᠯᠭᠡᠵᠢᠭᠦᠯᠬᠦ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠵᠠᠢ᠃ ᠰᠢᠨ᠎ᠡ᠎ᠪᠠᠷ ᠵᠠᠶ᠋ᠢᠯᠠᠭᠰᠠᠨ ᠵᠤᠯᠵᠠᠭ᠎ᠠ ᠮᠣᠳᠣ ᠵᠢᠱ᠌ᠢᠯᠲᠡ᠎ᠪᠠᠷ 3᠎ᠠᠴᠠ 5 ᠵᠢᠯ᠎ᠤᠨ ᠳᠣᠲᠣᠷ᠎ᠠ ᠲᠣᠭᠲᠠᠭᠤᠨ ᠣᠶ ᠵᠢᠨ ᠪᠦᠰᠡ ᠵᠢ ᠪᠣᠶ ᠪᠣᠯᠭ᠋ᠠᠵᠤ᠂ ᠭᠠᠵᠠᠷ ᠰᠢᠷᠣᠶ ᠵᠢᠨ ᠡᠯᠡᠰᠦᠷᠬᠡᠭᠵᠢᠬᠦ ᠬᠠᠨᠳᠤᠰᠢ ᠵᠢ ᠪᠦᠲᠦᠮᠵᠢᠲᠡᠶ ᠬᠤᠷᠢᠭᠯᠠᠵᠤ᠂ ᠨᠢᠭᠡ ᠲᠠᠯ᠎ᠠ ᠵᠢᠨ ᠠᠮᠢ ᠠᠬᠤᠶ ᠵᠢ ᠰᠠᠬᠢᠨ ᠬᠠᠮᠠᠭ᠋ᠠᠯᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠪᠣᠬᠢᠷᠲᠤᠯ ᠥᠬᠡᠶ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ 《ᠵᠤᠯᠵᠠᠭ᠎ᠠ ᠮᠣᠳᠣ ᠵᠢ ᠦᠵᠡᠭᠡᠳ ᠮᠠᠰᠢ ᠶᠡᠭᠡ ᠠᠮᠵᠢᠯᠲᠠ ᠣᠯᠤᠭᠰᠠᠨ ᠲᠥᠷᠥᠭᠳᠡᠯ᠎ᠲᠠᠢ ᠪᠠᠶ᠋ᠢᠨ᠎ᠠ》 ᠭᠡᠵᠦ ᠬᠡᠯᠡᠪᠡ᠃ ᠠᠵᠢᠯᠯᠠᠭ᠎ᠠ᠎ᠳᠤ ᠣᠷᠣᠯᠴᠠᠭᠰᠠᠨ ᠤᠢ ᠰᠢᠭᠤᠢ ᠵᠢᠨ ᠬᠠᠮᠠᠭ᠋ᠠᠯᠠᠭᠴᠢ᠂ ᠨᠠᠮ᠎ᠤᠨ ᠭᠡᠰᠢᠭᠦᠨ ᠰᠢᠤᠢ ᠣᠪᠣᠭᠲᠤ ᠮᠠᠩᠨᠠᠢ ᠵᠢᠨ ᠬᠥᠯᠥᠰᠥ᠎ᠪᠠᠨ ᠠᠷᠴᠢᠪᠠ᠃ ᠤᠯᠠᠨ ᠵᠶ᠋ᠠᠷ ᠵᠶ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠨᠠᠮ᠎ᠤᠨ ᠭᠡᠰᠢᠭᠦᠨ᠎ᠤ ᠬᠤᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂ ᠨᠡᠩ ᠤᠯᠠᠨ ᠤᠯᠠᠨ ᠲᠦᠮᠡᠨ᠎ᠢ ᠲᠠᠶ᠋ᠢᠴᠢᠯᠠᠨ ᠮᠣᠳᠣ ᠲᠠᠷᠢᠵᠤ ᠣᠶ᠋ᠢᠵᠢᠭᠤᠯᠬᠤ ᠠᠵᠢᠯᠯᠠᠭ᠎ᠠ᠎ᠳᠤ ᠣᠷᠣᠯᠴᠠᠭᠤᠯᠵᠤ᠂ ᠨᠣᠭᠤᠭ᠋ᠠᠷᠠᠭᠤᠯᠤᠯᠲᠠ ᠵᠢ ᠬᠠᠶ᠋ᠢᠷᠠᠯᠠᠬᠤ᠂ ᠨᠣᠭᠤᠭ᠋ᠠᠷᠠᠭᠤᠯᠤᠯᠲᠠ ᠵᠢ ᠬᠠᠶ᠋ᠢᠷᠠᠯᠠᠬᠤ᠂ ᠨᠣᠭᠤᠭ᠋ᠠᠷᠠᠭᠤᠯᠤᠯᠲᠠ ᠵᠢ ᠬᠠᠮᠠᠭ᠋ᠠᠯᠠᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠦᠵᠡᠰᠬᠦᠯᠡᠩᠲᠦ ᠰᠠᠶ᠋ᠢᠬᠠᠨ ᠡᠯᠡᠰᠦ ᠵᠢ ᠬᠠᠮᠲᠤᠪᠠᠷ ᠨᠣᠭᠤᠭ᠋ᠠᠷᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠨ᠎ᠡ ᠭᠡᠵᠦ ᠢᠯᠡᠳᠬᠡᠵᠡᠭᠡᠪᠡ᠃
      ᠳᠠᠷᠠᠭ᠋ᠠᠴᠢ ᠵᠢᠨ ᠠᠯᠬᠤᠮ᠎ᠳᠤ᠂ ᠱᠠᠵᠢᠨᠲᠤᠬᠤᠢ ᠰᠤᠮᠤ ᠲᠤᠰ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ 《ᠨᠠᠮ᠎ᠤᠨ ᠡᠭᠦᠷ ᠬᠤᠷᠰᠢᠶ᠎ᠠ ᠲᠠᠷᠢᠶᠠᠴᠢᠨ ᠡᠷᠦᠬᠡ》 ᠵᠢᠨ ᠠᠵᠤ ᠦᠢ᠍ᠯᠡᠰ᠎ᠤᠨ ᠬᠥᠭᠵᠢᠯᠲᠡ ᠵᠢᠨ ᠵᠠᠭᠪᠤᠷ᠎ᠢ ᠰᠦᠪᠡᠭᠴᠢᠯᠡᠵᠦ᠂ ᠠᠮᠢ ᠠᠬᠤᠢ ᠵᠢᠨ ᠵᠠᠰᠠᠯᠲᠠ ᠵᠢ ᠠᠵᠤ ᠦᠢ᠍ᠯᠡᠰ ᠵᠶ᠋ᠠᠷ ᠠᠷᠠᠳ ᠵᠶ᠋ᠠᠨ ᠪᠠᠶᠠᠵᠢᠭᠤᠯᠬᠤ᠎ᠲᠠᠢ ᠭᠦᠨᠵᠡᠭᠡᠢ ᠠᠭᠤᠰᠤᠯᠴᠠᠭᠤᠯᠵᠤ᠂ ᠥᠩᠭᠡᠷᠡᠭᠰᠡᠨ᠎ᠤ ᠠᠲᠠᠷᠰᠢᠭᠰᠠᠨ ᠭᠠᠵᠠᠷ ᠰᠢᠷᠣᠢ᠎ᠪᠠᠨ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ 《ᠪᠣᠬᠢᠷᠲᠤᠯ ᠦᠭᠡᠢ ᠪᠠᠩᠬᠢ》 ᠪᠣᠯᠭ᠋ᠠᠵᠤ᠂ ᠠᠮᠢ ᠠᠬᠤᠢ ᠰᠠᠶ᠋ᠢᠬᠠᠨ᠂ ᠠᠵᠤ ᠦᠢ᠍ᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ ᠦᠷᠭᠦᠯᠵᠢᠯᠡᠬᠦ ᠬᠥᠭᠵᠢᠯᠲᠡ ᠵᠢᠨ ᠵᠠᠮ ᠵᠶ᠋ᠠᠷ ᠵᠠᠮᠨᠠᠬᠤ ᠪᠣᠯᠤᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ