ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠪᠤᠯᠤᠩ᠎ᠳᠤ ᠭᠦᠨᠵᠡᠭᠡᠶ᠋ᠢᠷᠡᠨ ᠮᠠᠯᠴᠢᠨ ᠲᠠᠷᠢᠶᠠᠴᠢᠨ᠎ᠤ ᠲᠤᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠵᠤ ᠪᠠᠶ᠋ᠢᠴᠠᠭ᠋ᠠᠨ ᠰᠤᠳᠤᠯᠤᠯᠲᠠ ᠬᠢᠪᠠ
ᠨᠡᠶ᠋ᠢᠲᠡᠯᠡᠭᠰᠡᠨ ᠴᠠᠭ᠄ 2025-06-09
6 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠭᠠᠵᠠᠷ᠎ᠤᠨ ᠳᠠᠷᠤᠭ᠎ᠠ ᠸᠠᠩ ᠶᠠᠨ ᠸᠧᠶ ᠨᠡᠷ ᠪᠤᠯᠤᠩ᠎ᠳᠤ ᠭᠦᠨᠵᠡᠭᠡᠶ᠋ᠢᠷᠡᠨ ᠮᠠᠯᠴᠢᠨ ᠲᠠᠷᠢᠶᠠᠴᠢᠨ᠎ᠤ ᠲᠤᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠬᠤ ᠵᠢᠨ ᠲᠣᠭᠤᠷᠢᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ ᠵᠢᠯᠣᠭᠤᠳᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠤᠷᠢᠳ ᠬᠤᠵᠢᠳ ᠪᠦᠯᠬᠦᠮᠳᠡᠯ ᠲᠣᠰᠬᠤᠨ ᠪᠣᠯᠤᠨ ᠪᠠ ᠯᠧᠩ ᠲᠣᠰᠬᠤᠨ᠎ᠳᠤ ᠬᠦᠷᠴᠦ᠂ ᠲᠤᠬᠠᠶ ᠵᠢᠨ ᠭᠠᠵᠠᠷ᠎ᠤᠨ ᠲᠠᠷᠢᠶᠠᠴᠢᠨ ᠡᠷᠦᠬᠡ ᠵᠢᠨ ᠣᠷᠣᠯᠭ᠎ᠠ ᠵᠢᠨ ᠲᠤᠭ᠎ᠠ ᠪᠠᠷᠢᠮᠲᠠ ᠵᠢᠨ ᠪᠦᠷᠢᠳᠬᠡᠯ᠎ᠤᠨ ᠪᠠᠶ᠋ᠢᠳᠠᠯ ᠵᠢᠴᠢ ᠲᠠᠷᠢᠮᠠᠯ᠎ᠤᠨ ᠲᠣᠮᠣ ᠡᠷᠦᠬᠡ ᠵᠢᠨ ᠡᠷᠬᠢᠨ ᠲᠣᠭᠤᠷᠢᠨ᠎ᠤ ᠬᠥᠳᠡᠯᠮᠦᠷᠢ ᠬᠦᠴᠦᠨ᠎ᠢ ᠳᠠᠶ᠋ᠢᠴᠢᠯᠠᠵᠤ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠪᠠᠶᠠᠨᠨᠠᠭᠤᠷ ᠬᠤᠲᠠ ᠵᠢᠨ ᠲᠤᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠵᠢᠶᠤᠤ ᡁᠢ ᠹᠧᠩ᠂ ᠳ᠋ᠧᠩᠺᠸᠤ ᠰᠢᠶᠠᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ ᠵᠢᠨ ᠳᠠᠷᠤᠭ᠎ᠠ ᠸᠠᠩ ᡁᠢ ᠭᠦᠸᠧ᠂ ᠪᠤᠯᠤᠩᠨᠠᠭᠤᠷ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠳᠠᠷᠤᠭ᠎ᠠ ᠶᠢᠨ ᠵᠣᠣ ᠪᠢᠨ ᠪᠠᠷ᠎ᠠ ᠪᠣᠯᠪᠠ᠃

ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠲᠤᠸᠠᠨ ᠵᠢᠶᠧ ᠲᠣᠰᠬᠤᠨ᠎ᠤ ᠳᠠᠩᠰᠠ ᠲᠡᠮᠳᠡᠭᠯᠡᠬᠦ ᠡᠷᠦᠬᠡ᠎ᠳᠤ ᠬᠦᠷᠴᠦ᠂ ᠲᠠᠷᠢᠶᠠᠴᠢᠨ ᠡᠷᠦᠬᠡ᠎ᠲᠠᠢ ᠶᠠᠷᠢᠯᠴᠠᠬᠤ᠎ᠪᠠᠷ ᠳᠠᠮᠵᠢᠨ ᠲᠠᠷᠢᠶᠠᠴᠢᠳ᠎ᠤᠨ ᠪᠣᠳᠠᠲᠠᠢ ᠣᠷᠣᠯᠭ᠎ᠠ ᠵᠢ ᠣᠶ᠋ᠢᠯᠠᠭ᠋ᠠᠪᠠ᠃ ᠪᠣᠳᠠᠲᠠᠶ᠎ᠪᠠᠷ ᠡᠭᠦᠨ᠎ᠳᠤ ᠣᠷᠣᠯᠭ᠎ᠠ ᠵᠢᠨ ᠭᠤᠤᠯ ᠪᠦᠷᠢᠯᠳᠦᠯ ᠪᠠ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠪᠠᠭᠲᠠᠭ᠋ᠠᠬᠤ ᠵᠢᠨ ᠬᠠᠮᠲᠤ ᠥᠯᠢᠭᠡᠷ ᠡᠳ᠋᠎ᠤᠨ ᠡᠷᠦᠬᠡ ᠵᠢᠨ ᠲᠠᠩᠰᠠ ᠲᠡᠮᠳᠡᠭᠯᠡᠬᠦ ᠦᠶ᠎ᠡ ᠵᠢᠨ ᠣᠷᠣᠯᠭ᠎ᠠ ᠵᠠᠷᠤᠯᠭ᠎ᠠ ᠵᠢᠨ ᠲᠤᠭ᠎ᠠ ᠪᠠᠷᠢᠮᠲᠠ ᠵᠢᠨ ᠲᠠᠩᠰᠠ ᠲᠡᠮᠳᠡᠭᠯᠡᠭᠰᠡᠨ ᠵᠤᠷᠪᠤᠰ᠎ᠨᠢ ᠪᠦᠷᠢᠨ ᠪᠦᠲᠦᠨ ᠪᠠᠶ᠋ᠢᠬᠤ ᠡᠰᠡᠬᠦ ᠵᠢ ᠣᠶ᠋ᠢᠯᠠᠭ᠋ᠠᠵᠤ᠂ ᠠᠰᠠᠷᠠᠨ ᠲᠡᠵᠢᠭᠡᠬᠦ ᠣᠷᠣᠯᠭ᠎ᠠ᠂ ᠥᠪᠡᠷ ᠵᠶ᠋ᠠᠨ ᠦᠢ᠍ᠯᠡᠳᠪᠦᠷᠢᠯᠡᠵᠦ ᠥᠪᠡᠷ ᠵᠶ᠋ᠠᠨ ᠬᠡᠷᠡᠭᠯᠡᠬᠦ ᠪᠣᠳᠠᠲᠤ ᠪᠣᠳᠠᠰ᠎ᠤᠨ ᠣᠷᠣᠯᠭ᠎ᠠ᠂ ᠬᠦᠦ ᠮᠥᠩᠭᠦ ᠵᠢᠨ ᠣᠷᠣᠯᠭ᠎ᠠ ᠵᠡᠷᠭᠡ ᠵᠢ ᠭᠤᠤᠯᠳᠠᠯᠭ᠎ᠠ᠎ᠲᠠᠢ ᠠᠩᠬᠠᠷᠪᠠ᠃ ᠪᠠᠰᠠ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠡᠯ᠎ᠡ ᠵᠦᠶᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠣᠶ᠋ᠢᠯᠠᠭ᠋ᠠᠬᠤ ᠵᠢᠨ ᠬᠠᠮᠲᠤ ᠪᠠᠯᠭ᠋ᠠᠰᠤ ᠲᠣᠰᠬᠤᠨ᠎ᠤ ᠺᠠᠳ᠋ᠷ᠎ᠲᠠᠢ ᠣᠷᠣᠯᠭ᠎ᠠ ᠵᠢ ᠨᠡᠮᠡᠭᠳᠡᠭᠦᠯᠬᠦ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠤᠨ ᠰᠢᠯᠲᠠᠭ᠋ᠠᠨ ᠵᠢᠴᠢ ᠠᠷᠭ᠋ᠠᠴᠠᠬᠤ ᠠᠷᠭ᠎ᠠ ᠬᠡᠮᠵᠢᠶ᠎ᠡ ᠵᠢ ᠰᠤᠳᠤᠯᠤᠨ ᠶᠠᠷᠢᠯᠴᠠᠪᠠ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠠᠴᠠ ᠴᠢᠬᠤᠯᠠᠴᠢᠯᠠᠭᠰᠠᠨ᠎ᠨᠢ᠂ ᠳᠠᠩᠰᠠ ᠲᠡᠮᠳᠡᠭᠯᠡᠬᠦ ᠡᠷᠦᠬᠡ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ ᠬᠠᠪᠰᠤᠷᠤᠨ ᠪᠠᠶ᠋ᠢᠴᠠᠭ᠋ᠠᠭᠴᠢ ᠡᠷᠦᠬᠡ᠎ᠳᠤ ᠬᠦᠷᠴᠦ ᠢᠯᠡᠭᠦᠬᠡᠨ ᠨᠡᠪᠲᠡᠷᠡᠯᠴᠡᠵᠦ ᠢᠯᠡᠭᠦᠬᠡᠨ ᠤᠬᠠᠭᠤᠯᠵᠤ᠂ ᠦᠢ᠍ᠯᠡᠴᠢᠯᠡᠭᠡᠨ᠎ᠤ ᠠᠵᠢᠯ᠎ᠢ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠠᠢ᠎ᠪᠠᠷ ᠰᠠᠶ᠋ᠢᠲᠤᠷ ᠬᠢᠵᠦ᠂ ᠳᠠᠩᠰᠠ ᠲᠡᠮᠳᠡᠭᠯᠡᠬᠦ ᠡᠷᠦᠬᠡ ᠵᠢᠨ ᠳᠠᠩᠰᠠ ᠲᠡᠮᠳᠡᠭᠯᠡᠬᠦ ᠠᠵᠢᠯ᠎ᠤᠨ ᠲᠠᠨᠢᠨ ᠮᠡᠳᠡᠬᠦᠢ ᠵᠢᠨ ᠬᠡᠮᠵᠢᠶ᠎ᠡ ᠪᠣᠯᠤᠨ ᠬᠠᠮᠵᠢᠯᠴᠠᠬᠤ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ᠂ ᠡᠬᠢ ᠡᠭᠦᠰᠦᠯ᠎ᠠᠴᠠ᠎ᠨᠢ ᠳᠠᠩᠰᠠ ᠲᠡᠮᠳᠡᠭᠯᠡᠬᠦ ᠲᠤᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠎ᠢ ᠪᠠᠲᠤᠯᠠᠵᠤ᠂ ᠤᠯᠤᠰ᠎ᠤᠨ ᠲᠤᠭ᠎ᠠ ᠪᠦᠷᠢᠳᠬᠡᠯ᠎ᠤᠨ ᠲᠤᠭ᠎ᠠ ᠪᠠᠷᠢᠮᠲᠠ ᠵᠢᠨ ᠴᠢᠨᠠᠷ ᠰᠠᠶ᠋ᠢᠲᠠᠢ ᠪᠠᠶ᠋ᠢᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠪᠠ ᠯᠧᠩ ᠲᠣᠰᠬᠤᠨ᠎ᠳᠤ ᠬᠦᠷᠴᠦ᠂ ᠲᠥᠪᠡᠳ ᠬᠠᠰᠢ ᠵᠢᠴᠢ ᠲᠠᠷᠪᠤᠰ ᠲᠠᠷᠢᠬᠤ ᠡᠷᠦᠬᠡ᠎ᠲᠠᠢ ᠭᠦᠨᠵᠡᠭᠡᠶ ᠨᠡᠪᠲᠡᠷᠡᠯᠴᠡᠵᠦ᠂ ᠭᠤᠤᠯᠳᠠᠭᠤ ᠡᠷᠬᠢᠨ ᠲᠣᠭᠤᠷᠢᠨ᠎ᠤ ᠬᠥᠳᠡᠯᠮᠦᠷᠢ ᠬᠦᠴᠦᠨ᠎ᠤ ᠳᠠᠶ᠋ᠢᠴᠢᠯᠠᠬᠤ ᠡᠷᠴᠢᠮ ᠵᠢᠴᠢ ᠣᠷᠣᠯᠭ᠎ᠠ᠎ᠪᠠᠨ ᠨᠡᠮᠡᠭᠳᠡᠭᠦᠯᠵᠦ ᠪᠠᠶ᠋ᠢᠭ᠎ᠠ ᠪᠠᠶ᠋ᠢᠳᠠᠯ᠎ᠢ ᠣᠶ᠋ᠢᠯᠠᠭ᠋ᠠᠵᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠲᠤᠭ᠎ᠠ ᠪᠣᠯᠤᠨ ᠴᠠᠭ ᠬᠤᠭᠤᠴᠠᠭ᠎ᠠ ᠵᠢ ᠯᠠᠪᠯᠠᠨ ᠠᠰᠠᠭᠤᠭᠰᠠᠨ ᠪᠥᠭᠡᠳ ᠲᠠᠷᠢᠮᠠᠯ᠎ᠤᠨ ᠲᠣᠮᠣ ᠡᠷᠦᠬᠡ ᠵᠢᠨ ᠲᠤᠬᠠᠶ ᠵᠢᠨ ᠭᠠᠵᠠᠷ᠎ᠤᠨ ᠲᠠᠷᠢᠶᠠᠴᠢᠨ ᠡᠷᠦᠬᠡ ᠵᠢ ᠢᠯᠡᠭᠦᠬᠡᠨ ᠬᠥᠯᠥᠰᠥᠯᠡᠵᠦ᠂ ᠲᠤᠬᠠᠶ ᠵᠢᠨ ᠭᠠᠵᠠᠷ᠎ᠤᠨ ᠲᠠᠷᠢᠶᠠᠴᠢᠨ ᠡᠷᠦᠬᠡ ᠵᠢᠨ ᠣᠷᠣᠯᠭ᠎ᠠ ᠵᠢᠨ ᠨᠡᠮᠡᠭᠳᠡᠯ᠎ᠢ ᠠᠬᠢᠭᠤᠯᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ