ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠯᠦᠩ ᠱᠧᠩ ᠾᠧ ᠪᠠᠯᠭ᠋ᠠᠰᠤ ᠢᠳᠡᠭᠡᠨ᠎ᠤ ᠠᠮᠤᠷ ᠲᠦᠪᠰᠢᠨ ᠪᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠮᠲᠤᠷᠠᠭᠰᠠᠨ ᠪᠠᠶ᠋ᠢᠴᠠᠭ᠋ᠠᠯᠲᠠ ᠥᠷᠨᠢᠭᠦᠯᠪᠡ

ᠨᠡᠶ᠋ᠢᠲᠡᠯᠡᠭᠰᠡᠨ ᠴᠠᠭ᠄   2025-06-13

      ᠬᠥᠳᠡᠭᠡ ᠲᠣᠰᠬᠤᠨ᠎ᠤ ᠢᠳᠡᠭᠡᠨ᠎ᠤ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠴᠡᠪᠡᠷᠰᠢᠭᠦᠯᠬᠦ ᠵᠢᠨ ᠲᠥᠯᠥᠭᠡ᠂ ᠬᠤᠳᠠᠯ ᠬᠠᠭᠤᠷᠮᠠᠭ ᠴᠢᠨᠠᠷ ᠮᠠᠭᠤ ᠢᠳᠡᠭᠡᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠪᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠬᠢ ᠪᠠᠶ᠋ᠢᠭᠤᠯᠤᠨ᠎ᠠ᠃ 6 ᠰᠠᠷ᠎ᠠ ᠵᠢᠨ 12᠎ᠤᠨ ᠡᠳᠦᠷ᠂ ᠯᠦᠩ ᠱᠧᠩ ᠾᠧ ᠪᠠᠯᠭ᠋ᠠᠰᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠩᠭᠢ ᠯᠦᠩ ᠱᠧᠩ ᠾᠧ ᠪᠠᠯᠭ᠋ᠠᠰᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ᠂ ᠲᠣᠰᠬᠤᠨ᠎ᠤ 《ᠬᠤᠶᠠᠷ ᠵᠥᠪᠯᠡᠯ》᠎ᠲᠠᠢ ᠬᠠᠮᠲᠤᠷᠠᠨ ᠬᠥᠳᠡᠭᠡ ᠲᠣᠰᠬᠤᠨ᠎ᠤ ᠬᠠᠭᠤᠷᠮᠠᠭ ᠮᠠᠭᠤ ᠢᠳᠡᠭᠡᠨ ᠪᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠲᠤᠰᠬᠠᠶ ᠠᠵᠢᠯ᠎ᠢ ᠥᠷᠨᠢᠭᠦᠯᠵᠦ᠂ ᠬᠥᠳᠡᠭᠡ ᠲᠣᠰᠬᠤᠨ᠎ᠤ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠬᠦᠴᠦᠯᠡᠨ ᠪᠠᠲᠤᠯᠠᠪᠠ᠃

苏木20250613.jpg

      ᠪᠠᠶ᠋ᠢᠴᠠᠭ᠋ᠠᠬᠤ ᠳᠤᠭᠤᠶ᠋ᠢᠯᠠᠩ᠎ᠨᠢ ᠬᠡᠲᠦ ᠳᠡᠯᠭᠡᠭᠦᠷ᠂ ᠢᠳᠡᠭᠡᠨ ᠤᠮᠳᠠᠭ᠋ᠠᠨ᠎ᠤ ᠨᠢᠭᠡᠴᠡ᠂ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠤᠷᠢᠨ᠎ᠤ ᠬᠤᠳᠠᠯᠳᠤᠭ᠋ᠠᠨ᠎ᠤ ᠳᠡᠯᠭᠡᠭᠦᠷ ᠵᠡᠷᠭᠡ᠎ᠪᠠᠷ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠲᠠᠯᠠᠪᠤᠷ ᠪᠣᠯᠭ᠋ᠠᠵᠤ᠂ 《ᠭᠤᠷᠪᠠ ᠵᠢ ᠪᠠᠶ᠋ᠢᠴᠠᠭ᠋ᠠᠵᠤ ᠭᠤᠷᠪᠠ ᠵᠢ ᠦᠵᠡᠬᠦ》 ᠲᠤᠰᠬᠠᠶ ᠠᠵᠢᠯᠯᠠᠭ᠎ᠠ ᠥᠷᠨᠢᠭᠦᠯᠪᠡ᠃ ᠨᠢᠭᠡ᠎ᠳᠤ ᠡᠵᠡᠩᠨᠡᠯᠲᠡ ᠵᠢᠨ ᠬᠢᠷᠢ ᠬᠡᠮ᠎ᠢ ᠪᠠᠶ᠋ᠢᠴᠠᠭ᠋ᠠᠵᠤ᠂ ᠭᠡᠷᠡᠴᠢ ᠦᠨᠡᠮᠯᠡᠯ᠎ᠨᠢ ᠪᠦᠷᠢᠨ ᠭᠦᠢ᠍ᠴᠡᠳ ᠪᠠᠶ᠋ᠢᠬᠤ ᠡᠰᠡᠬᠦ ᠵᠢ ᠬᠢᠨᠠᠨ ᠬᠠᠷᠭᠤᠭᠤᠯᠪᠠ; ᠬᠤᠶᠠᠷ᠎ᠲᠤ ᠪᠠᠷᠠᠭ᠎ᠠ ᠣᠷᠣᠭᠤᠯᠬᠤ ᠠᠷᠭ᠎ᠠ ᠵᠠᠮ᠎ᠢ ᠪᠠᠶ᠋ᠢᠴᠠᠭ᠋ᠠᠵᠤ᠂ ᠡᠬᠡ ᠲᠠᠩᠰᠠ ᠵᠢᠨ ᠲᠡᠮᠳᠡᠭᠯᠡᠯ᠎ᠨᠢ ᠪᠦᠷᠢᠨ ᠪᠦᠲᠦᠨ ᠵᠢᠷᠤᠮᠵᠢᠯ᠎ᠲᠠᠢ ᠪᠠᠶ᠋ᠢᠬᠤ ᠡᠰᠡᠬᠦ ᠵᠢ ᠪᠠᠶ᠋ᠢᠴᠠᠭ᠋ᠠᠨ ᠰᠢᠯᠭ᠋ᠠᠨ᠎ᠠ; ᠭᠤᠷᠪᠠ ᠵᠢ ᠪᠠᠶ᠋ᠢᠴᠠᠭ᠋ᠠᠵᠤ᠂ ᠢᠳᠡᠭᠡᠨ᠎ᠤ ᠶᠠᠰᠤ ᠴᠢᠨᠠᠷ᠎ᠢ ᠪᠠᠶ᠋ᠢᠴᠠᠭ᠋ᠠᠵᠤ᠂ 《ᠭᠤᠷᠪᠠ ᠦᠭᠡᠶ》᠂ ᠬᠤᠭᠤᠴᠠᠭ᠎ᠠ ᠥᠩᠭᠡᠷᠡᠭᠰᠡᠨ ᠪᠤᠶᠤ ᠬᠠᠭᠤᠷᠮᠠᠭ ᠮᠠᠭᠤ ᠦᠢ᠍ᠯᠡᠳᠬᠦᠨ ᠵᠠᠬ᠎ᠠ ᠳᠡᠯᠭᠡᠭᠦᠷ᠎ᠲᠤ ᠣᠷᠣᠬᠤ ᠵᠢ ᠡᠷᠡᠰ ᠬᠤᠷᠢᠭᠯᠠᠬᠤ ᠬᠡᠷᠡᠭᠲᠡᠶ᠃ ᠡᠭᠦᠨ᠎ᠤ ᠬᠠᠮᠲᠤ᠂ ᠡᠵᠡᠩᠨᠡᠭᠴᠢ ᠵᠢ ᠢᠳᠡᠭᠡᠨ᠎ᠤ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶᠴᠡᠳᠬᠡᠵᠦ᠂ ᠢᠳᠡᠭᠡᠨ᠎ᠤ ᠠᠮᠤᠷ ᠲᠦᠪᠰᠢᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠪᠥᠬᠦ ᠪᠠᠯᠭ᠋ᠠᠰᠤᠨ᠎ᠤ 《ᠢᠳᠡᠭᠡᠨ᠎ᠤ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠵᠢᠨ APP》 ᠵᠢᠨ ᠡᠭᠦᠷᠭᠡ ᠵᠢ ᠪᠡᠶᠡᠯᠡᠭᠦᠯᠦᠭᠰᠡᠨ ᠨᠣᠷᠮ᠎ᠠ 100%᠎ᠳᠤ ᠬᠦᠷᠴᠦ᠂ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠣᠯᠠᠨ ᠲᠦᠮᠡᠨ᠎ᠤ ᠡᠳᠦᠷ ᠲᠤᠲᠤᠮ᠎ᠤᠨ ᠢᠳᠡᠭᠡᠨ᠎ᠤ ᠠᠮᠤᠷ ᠲᠦᠪᠰᠢᠨ᠎ᠤ ᠠᠳᠡᠯ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
      ᠪᠠᠶ᠋ᠢᠴᠠᠭ᠋ᠠᠬᠤ ᠳᠤᠭᠤᠶ᠋ᠢᠯᠠᠩ ᠪᠠᠰᠠ ᠬᠠᠷᠢᠶᠠᠲᠤ ᠣᠷᠣᠨ᠎ᠤ ᠳᠣᠲᠣᠷᠠᠬᠢ ᠭᠤᠤᠯᠳᠠᠯᠭ᠎ᠠ᠎ᠲᠠᠢ ᠪᠠᠭᠤᠳᠠᠯ᠂ ᠵᠣᠴᠢᠳ᠎ᠤᠨ ᠪᠠᠭᠤᠳᠠᠯ᠎ᠤᠨ ᠳᠣᠲᠣᠭ᠋ᠠᠳᠤ ᠵᠢᠨ ᠭᠠᠯ ᠤᠨᠲᠠᠷᠠᠭ᠋ᠠᠬᠤ ᠪᠡᠯᠡᠳᠬᠡᠮᠵᠢ ᠲᠥᠬᠦᠭᠡᠷᠦᠮᠵᠢ᠂ ᠠᠮᠤᠷ ᠲᠦᠪᠰᠢᠨ᠎ᠤ ᠭᠠᠷᠬᠤ ᠡᠭᠦᠳᠡ᠂ ᠴᠠᠬᠢᠯᠭ᠋ᠠᠨ᠎ᠤ ᠱᠤᠭᠤᠮ ᠳᠡᠪᠢᠰᠬᠦ ᠵᠡᠷᠭᠡ ᠲᠠᠯ᠎ᠠ᠎ᠪᠠᠷ ᠨᠢᠭᠡᠳ ᠨᠢᠭᠡ᠎ᠪᠠᠷ ᠪᠠᠶ᠋ᠢᠴᠠᠭ᠋ᠠᠯᠲᠠ ᠬᠢᠪᠠ; ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠳᠠᠯᠳᠠ ᠭᠡᠮ᠎ᠳᠤ ᠴᠢᠭᠯᠡᠭᠦᠯᠦᠨ᠂ ᠠᠵᠢᠯᠲᠠᠳ ᠲᠡᠷᠡ ᠳᠠᠷᠤᠶ᠎ᠳᠤᠨᠢ ᠴᠡᠭᠴᠡᠯᠡᠨ ᠰᠠᠶ᠋ᠢᠵᠢᠷᠠᠭᠤᠯᠬᠤ ᠰᠠᠨᠠᠯ ᠳᠤᠷᠠᠳᠴᠤ᠂ ᠬᠠᠷᠢᠭᠤᠴᠠᠯᠭ᠋ᠠᠲᠠᠨ᠎ᠢ ᠵᠠᠷᠯᠢᠭᠳᠠᠵᠤ ᠪᠠᠶ᠋ᠢᠭ᠋ᠠᠳ ᠲᠡᠷᠡ ᠳᠠᠷᠤᠶ᠎ᠳᠤᠨᠢ ᠴᠡᠭᠴᠡᠯᠡᠨ ᠰᠠᠶ᠋ᠢᠵᠢᠷᠠᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠬᠤᠭᠤᠴᠠᠭ᠎ᠠ ᠵᠢ ᠲᠣᠳᠣᠷᠬᠠᠶ ᠪᠣᠯᠭ᠋ᠠᠵᠤ᠂ ᠲᠡᠭᠦᠨ᠎ᠢ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢᠨ ᠬᠠᠮᠲᠤ ᠳᠠᠬᠢᠨ ᠪᠠᠶ᠋ᠢᠴᠠᠭ᠋ᠠᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠲᠣᠰ ᠤᠳᠠᠭ᠋ᠠᠨ᠎ᠤ ᠢᠳᠡᠭᠡᠨ᠎ᠤ ᠠᠮᠤᠷ ᠲᠦᠪᠰᠢᠨ ᠪᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠠᠵᠢᠯᠯᠠᠭ᠎ᠠ᠎ᠨᠢ ᠰᠢᠶᠠᠩ ᠪᠠᠯᠭ᠋ᠠᠰᠤ ᠪᠠᠭᠤᠳᠠᠯ᠎ᠤᠨ ᠠᠵᠢᠯ ᠲᠥᠷᠥᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠡᠯ᠎ᠡ ᠪᠠᠭᠤᠳᠠᠯ᠎ᠤᠨ ᠬᠠᠷᠢᠭᠤᠴᠠᠯᠭ᠋ᠠᠲᠠᠨ ᠵᠢᠴᠢ ᠡᠵᠡᠩᠨᠡᠯᠲᠡ ᠵᠢᠨ ᠲᠠᠯᠠᠪᠤᠷ᠎ᠤᠨ ᠠᠵᠢᠯᠲᠠᠳ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠪᠦᠲᠦᠮᠵᠢᠲᠡᠶ ᠳᠡᠭᠡᠭᠰᠢᠯᠡᠭᠦᠯᠪᠡ᠃
      ᠳᠠᠷᠠᠭ᠋ᠠᠴᠢ ᠵᠢᠨ ᠠᠯᠬᠤᠮ᠎ᠳᠤ᠂ ᠯᠦᠩ ᠱᠧᠩ ᠾᠧ ᠪᠠᠯᠭ᠋ᠠᠰᠤ ᠠᠶᠤᠯᠭᠦᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠠᠵᠢᠯᠯᠠᠭ᠎ᠠ᠎ᠲᠠᠢ ᠤᠶᠠᠯᠳᠤᠭᠤᠯᠵᠤ᠂ ᠢᠳᠡᠭᠡᠨ᠎ᠤ ᠠᠮᠤᠷ ᠲᠦᠪᠰᠢᠨ᠎ᠤ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢᠴᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯ᠎ᠢ ᠦᠷᠭᠦᠯᠵᠢᠯᠡᠨ ᠥᠷᠨᠢᠭᠦᠯᠵᠦ᠂ 《ᠶᠢᠰᠦᠨ ᠪᠠᠭ᠎ᠠ ᠲᠠᠯᠠᠪᠤᠷ》᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠵᠤ ᠴᠢᠳᠠᠬᠤ》 ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠴᠢᠷᠮᠠᠶ᠋ᠢᠨ ᠪᠣᠶ ᠪᠣᠯᠭ᠋ᠠᠵᠤ᠂ ᠥᠷᠭᠡᠨ ᠣᠯᠠᠨ ᠲᠦᠮᠡᠨ᠎ᠳᠤ ᠰᠠᠨᠠᠭ᠎ᠠ ᠠᠮᠤᠷ᠂ ᠰᠠᠨᠠᠭ᠎ᠠ ᠠᠮᠤᠷ ᠠᠶᠤᠯᠭᠦᠢ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠤᠷᠢᠨ᠎ᠢ ᠪᠣᠶ ᠪᠣᠯᠭ᠋ᠠᠵᠤ ᠥᠭᠭᠦᠨ᠎ᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ