ᠮᠧᠩ ᠯᠧ ᠨᠠᠷ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠤ ᠠᠵᠢᠯ᠎ᠢ ᠪᠠᠶ᠋ᠢᠴᠠᠭ᠋ᠠᠨ ᠰᠤᠳᠤᠯᠪᠠ - ᠬᠥᠮᠦᠨ ᠵᠶ᠋ᠠᠷ ᠦᠨᠳᠦᠰᠦ ᠪᠣᠯᠭ᠋ᠠᠵᠤ ᠬᠠᠷᠢᠭᠤᠴᠠᠯᠭ᠎ᠠ ᠡᠭᠦᠷᠭᠡᠯᠡᠬᠦ ᠵᠢ ᠦᠢ᠍ᠯᠡᠳᠦᠯᠭᠡᠵᠢᠭᠦᠯᠵᠦ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠡᠳᠬᠢᠯ ᠲᠠᠯᠪᠢᠨ ᠰᠢᠢ᠍ᠳᠪᠦᠷᠢᠯᠡᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2025-06-11
6 ᠰᠠᠷ᠎ᠠ ᠵᠢᠨ 10᠎ᠤ ᠡᠳᠦᠷ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠮᠧᠩ ᠯᠧ ᠰᠢᠶᠠᠨ᠎ᠤ ᠵᠠᠰᠠᠭ᠎ᠤᠨ ᠣᠷᠳᠣᠨ᠎ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠤᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠂ ᠴᠡᠴᠡᠷᠯᠢᠭ᠎ᠤᠨ ᠨᠣᠭᠤᠭ᠋ᠠᠷᠠᠭᠤᠯᠤᠯᠲᠠ ᠵᠢᠨ ᠦᠢ᠍ᠯᠡᠴᠢᠯᠡᠭᠡᠨ᠎ᠤ ᠲᠥᠪ᠂ ᠭᠡᠷ ᠪᠠᠶ᠋ᠢᠰᠢᠩ᠎ᠤᠨ ᠥᠮᠴᠢᠯᠡᠯ᠎ᠤᠨ ᠡᠷᠬᠡ ᠵᠢᠨ ᠠᠷᠠᠯᠵᠢᠶᠠᠨ᠎ᠤ ᠲᠥᠪ᠂ ᠬᠤᠲᠠ ᠵᠢᠨ ᠶᠠᠪᠤᠳᠠᠯ᠎ᠤᠨ ᠣᠷᠴᠢᠨ ᠲᠣᠭᠤᠷᠢᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠂ ᠴᠢᠩ ᠴᠢᠤᠸᠠᠨ ᠲᠦᠭᠡᠭᠡᠯ ᠤᠰᠤᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠳᠠᠭ᠋ᠠᠭᠤᠯᠤᠨ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠶᠠᠨᠭᠤᠣᠯ ᠪᠠᠯᠭ᠋ᠠᠰᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠪᠠᠯᠭ᠋ᠠᠰᠤᠨ ᠳᠠᠷᠤᠭ᠎ᠠ ᠸᠧᠢ ᠵᠧᠨ᠂ ᠨᠠᠮ᠎ᠤᠨ ᠬᠤᠷᠢᠶᠠᠨ᠎ᠤ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠪᠠᠯᠭ᠋ᠠᠰᠤᠨ ᠳᠠᠷᠤᠭ᠎ᠠ ᠭᠤᠤ ᡁᠢ ᠰᠢᠶᠠ᠂ ᠡᠯ᠎ᠡ ᠨᠡᠶ᠋ᠢᠭᠡᠮ ᠲᠣᠭᠤᠷᠢᠭ᠎ᠤᠨ ᠱᠦᠵᠢ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ᠂ ᠸᠧᠶ ᠵᠧᠨ ᠪᠠᠶᠠᠨᠭᠤᠤᠯ ᠪᠠᠯᠭ᠋ᠠᠰᠤᠨ᠎ᠤ ᠠᠵᠢᠯ᠎ᠤᠨ ᠪᠣᠳᠠᠲᠤ ᠪᠠᠶ᠋ᠢᠳᠠᠯ᠎ᠠᠴᠠ ᠡᠭᠦᠰᠴᠦ᠂ ᠬᠤᠲᠠ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ ᠪᠠ ᠬᠦᠴᠢᠷ ᠠᠰᠠᠭᠤᠳᠠᠯ ᠵᠢᠴᠢ ᠣᠳᠣᠬᠠᠨ᠎ᠤ ᠬᠤᠲᠠ ᠪᠠᠯᠭ᠋ᠠᠰᠤᠨ᠎ᠤ ᠬᠠᠤᠯᠢ ᠬᠡᠷᠡᠭᠵᠢᠭᠦᠯᠬᠦ ᠵᠠᠭ᠋ᠠᠭ ᠬᠢᠵᠠᠭ᠋ᠠᠷ᠎ᠨᠢ ᠬᠤᠲᠠ ᠵᠢᠨ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠥᠬᠡᠶ ᠵᠡᠷᠭᠡ ᠲᠠᠯ᠎ᠠ᠎ᠪᠠᠷ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃ ᠬᠤᠲᠠ ᠪᠠᠯᠭ᠋ᠠᠰᠤᠨ᠎ᠤ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠵᠢᠴᠢ ᠡᠯ᠎ᠡ ᠨᠡᠶ᠋ᠢᠭᠡᠮ ᠲᠣᠭᠤᠷᠢᠭ᠎ᠤᠨ ᠱᠦᠵᠢ ᠲᠤᠬᠠᠶ᠋ᠢᠯᠠᠭᠰᠠᠨ ᠠᠵᠢᠯ᠎ᠠᠴᠠ᠎ᠪᠠᠨ ᠡᠭᠦᠰᠴᠦ᠂ ᠬᠠᠷᠢᠶ᠎ᠠ ᠣᠷᠣᠨ᠎ᠤ ᠰᠠᠭᠤᠭ᠋ᠠᠯᠢ ᠠᠷᠠᠳ᠎ᠤᠨ ᠲᠤᠰᠬᠠᠯ ᠴᠢᠩᠭ᠎ᠠ ᠵᠢᠴᠢ ᠪᠠᠴᠢᠮ ᠰᠢᠢ᠍ᠳᠪᠦᠷᠢᠯᠡᠬᠦ ᠴᠢᠬᠤᠯᠠᠲᠠᠢ ᠠᠷᠠᠳ᠎ᠤᠨ ᠠᠮᠢᠳᠤᠷᠠᠯ᠎ᠤᠨ ᠠᠰᠠᠭᠤᠳᠠᠯ᠎ᠤᠨ ᠲᠤᠬᠠᠢ ᠨᠠᠷᠢᠨ ᠲᠣᠳᠣᠷᠬᠠᠢ ᠥᠭᠦᠯᠡᠵᠦ᠂ ᠰᠢᠶᠠᠨ᠎ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠵᠢᠨ ᠬᠠᠷᠢᠭᠤᠴᠠᠯᠭ᠋ᠠᠲᠠᠨ ᠲᠤᠰ ᠲᠤᠰ᠎ᠤᠨ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ ᠴᠠᠷᠠᠭ᠎ᠠ ᠵᠢᠨ ᠵᠶ᠋ᠠᠨ ᠶᠣᠰᠣᠭ᠋ᠠᠷ ᠨᠢᠭᠡᠳ ᠨᠢᠭᠡ᠎ᠪᠠᠷ ᠬᠠᠷᠢᠭᠤᠯᠲᠠ ᠥᠭᠬᠦ ᠵᠢᠨ ᠬᠠᠮᠲᠤ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠠᠵᠢᠯ᠎ᠳᠤ ᠣᠷᠣᠰᠢᠵᠤ ᠪᠠᠶ᠋ᠢᠭ᠎ᠠ ᠠᠰᠠᠭᠤᠳᠠᠯ ᠪᠠ ᠬᠦᠴᠢᠷ ᠠᠰᠠᠭᠤᠳᠠᠯ᠎ᠳᠤ ᠭᠦᠨᠵᠡᠭᠡᠢ ᠵᠠᠳᠠᠯᠤᠯᠲᠠ ᠬᠢᠵᠦ ᠰᠤᠳᠤᠯᠤᠨ ᠶᠠᠷᠢᠯᠴᠠᠵᠤ᠂ ᠠᠵᠢᠯ᠎ᠤᠨ ᠳᠤᠮᠳᠠᠬᠢ ᠬᠦᠴᠢᠷ ᠠᠰᠠᠭᠤᠳᠠᠯ᠂ ᠲᠦᠭᠵᠢᠷᠡᠯ᠎ᠢ ᠬᠡᠷᠬᠢᠨ ᠨᠡᠪᠲᠡᠷᠡᠭᠦᠯᠬᠦ ᠲᠤᠬᠠᠢ ᠦᠵᠡᠯ ᠰᠠᠨᠠᠭ᠎ᠠ᠎ᠪᠠᠨ ᠨᠢᠭᠡᠳᠬᠡᠵᠦ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ ᠲᠤᠰ ᠲᠤᠰ᠎ᠤᠨ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠲᠠᠯ᠎ᠠ᠎ᠠᠴᠠ ᠰᠠᠨᠠᠯ ᠰᠠᠨᠠᠭᠤᠯᠭ᠎ᠠ ᠳᠤᠷᠠᠳᠴᠠᠢ᠃
ᠮᠧᠩ ᠯᠧ ᠵᠢᠭ᠋ᠠᠵᠤ ᠭᠠᠷᠭ᠋ᠠᠭᠰᠠᠨ᠎ᠨᠢ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠬᠤᠳᠠ ᠵᠢᠨ ᠬᠥᠭᠵᠢᠯᠲᠡ ᠵᠢᠨ ᠬᠡᠷᠡᠭᠴᠡᠭᠡ ᠪᠣᠯᠤᠨ ᠠᠷᠠᠳ ᠤᠯᠠᠨ᠎ᠤ ᠬᠦᠰᠡᠯ ᠡᠷᠡᠮᠡᠯᠵᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠳᠠ ᠵᠢᠨ ᠴᠢᠳᠠᠪᠬᠢ ᠵᠢ ᠲᠡᠭᠦᠯᠳᠡᠷᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠵᠢᠴᠢ ᠬᠤᠳᠠ ᠵᠢᠨ ᠵᠠᠰᠠᠯᠲᠠ ᠵᠢᠨ ᠲᠠᠯ᠎ᠠ᠎ᠪᠠᠷ ᠤᠯᠠᠮ ᠨᠢᠭᠡ ᠠᠯᠬᠤᠮ ᠬᠦᠴᠦᠯᠡᠵᠦ᠂ ᠬᠤᠳᠠ ᠵᠢᠨ ᠳᠤᠲᠠᠭᠤᠳᠠᠯ᠎ᠢ ᠲᠠᠰᠤᠷᠠᠯᠳᠡ ᠦᠭᠡᠢ ᠨᠥᠬᠦᠪᠥᠷᠢᠯᠡᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠠᠷᠠᠳ ᠤᠯᠠᠨ᠎ᠳᠤ ᠣᠷᠣᠰᠢᠨ ᠰᠠᠭᠤᠬᠤ᠎ᠳᠤ ᠨᠡᠩ ᠲᠣᠬᠢᠷᠠᠮᠵᠢᠲᠠᠢ ᠠᠮᠢᠳᠤᠷᠠᠯ᠎ᠤᠨ ᠣᠷᠴᠢᠨ ᠲᠣᠭᠤᠷᠢᠨ᠎ᠢ ᠡᠭᠦᠳᠴᠦ ᠥᠭᠬᠦ ᠬᠡᠷᠡᠭᠲᠡᠢ ᠭᠡᠵᠡᠢ᠃ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶ᠋ᠢᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠪᠠᠶ᠋ᠢᠭᠤᠯᠵᠤ᠂ ᠲᠦᠷᠦᠯ ᠵᠦᠢ᠍ᠯ᠎ᠢ ᠲᠡᠮᠡᠴᠡᠨ ᠣᠯᠵᠤ᠂ ᠪᠡᠯᠡ ᠮᠥᠩᠭᠦ ᠵᠢ ᠲᠡᠮᠡᠴᠡᠨ ᠣᠯᠵᠤ ᠠᠷᠠᠳ ᠤᠯᠠᠨ᠎ᠤ ᠤᠯᠠᠨ ᠶᠠᠩᠵᠤ ᠵᠢᠨ ᠬᠡᠷᠡᠭᠴᠡᠭᠡ ᠵᠢ ᠬᠠᠩᠭ᠋ᠠᠵᠤ᠂ ᠠᠷᠠᠳ᠎ᠤᠨ ᠠᠮᠢᠳᠤᠷᠠᠯ᠎ᠳᠤ ᠲᠦᠬᠦᠮ ᠦᠵᠡᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠤᠷᠢᠶᠠᠩᠭᠤᠶ᠋ᠢᠯᠠᠭ᠋ᠠᠳ ᠠᠷᠠᠳ ᠤᠯᠠᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠴᠦ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ᠎ᠢ ᠨᠠᠷᠢᠨ ᠨᠢᠮᠪᠠᠢ ᠡᠮᠬᠢᠯᠡᠵᠦ᠂ ᠲᠠᠩᠰᠠ ᠡᠪᠬᠡᠮᠡᠯ᠎ᠢ ᠪᠦᠷᠢᠯᠳᠦᠭᠦᠯᠦᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠵᠦ᠂ ᠴᠠᠭ ᠲᠤᠬᠠᠢᠳᠤᠨᠢ ᠡᠷᠲᠡᠬᠡᠨ ᠰᠢᠢ᠍ᠳᠪᠦᠷᠢᠯᠡᠬᠦ ᠬᠡᠷᠡᠭᠲᠡᠢ᠃ ᠡᠭᠦᠷᠭᠡ ᠴᠢᠳᠠᠪᠬᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠠᠳᠠᠯ ᠠᠬᠤᠢ ᠵᠢᠨ ᠦᠢ᠍ᠯᠡᠴᠢᠯᠡᠭᠡ ᠪᠠ ᠬᠠᠮᠢᠶᠠᠷᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ ᠵᠢ ᠭᠦᠢ᠍ᠴᠡᠳᠭᠡᠭᠰᠡᠨ ᠵᠶ᠋ᠠᠷ ᠬᠦᠷᠦᠯᠴᠡᠬᠦ ᠦᠭᠡᠢ ᠪᠠᠶ᠋ᠢᠬᠤ᠂ ᠥᠮᠴᠢᠲᠡᠨ᠎ᠤ ᠣᠯᠠᠨ ᠨᠡᠶ᠋ᠢᠲᠡ ᠵᠢᠨ ᠠᠰᠢᠭ ᠣᠷᠣᠯᠭ᠎ᠠ ᠵᠢ ᠡᠵᠡᠯᠡᠭᠰᠡᠨ ᠵᠡᠷᠭᠡ ᠠᠰᠠᠭᠤᠳᠠᠯ᠎ᠢ ᠴᠡᠭᠴᠡᠯᠡᠨ ᠵᠠᠰᠠᠵᠤ᠂ ᠠᠷᠠᠳ ᠣᠯᠠᠨ᠎ᠤ ᠪᠠᠴᠢᠮ ᠪᠡᠷᠬᠡ ᠵᠣᠪᠠᠨᠢᠯ᠎ᠤᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ; ᠬᠤᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ᠎ᠳᠤ ᠲᠦᠷᠢᠮ ᠲᠣᠭᠲᠠᠭ᠋ᠠᠯ᠎ᠲᠠᠢ ᠪᠠᠶ᠋ᠢᠵᠤ᠂ ᠤᠶᠠᠨ ᠬᠠᠲᠠᠨ ᠴᠢᠨᠠᠷᠲᠠᠶ ᠬᠠᠤᠯᠢ ᠬᠡᠷᠡᠭᠵᠢᠭᠦᠯᠦᠯᠲᠡ᠎ᠳᠤ ᠬᠠᠤᠯᠢ᠎ᠪᠠᠷ ᠵᠠᠰᠠᠬᠤ ᠳᠤᠯᠠᠭ᠋ᠠᠨ᠎ᠤ ᠬᠡᠮᠵᠢᠶ᠎ᠡ ᠵᠢ ᠢᠯᠡᠷᠡᠭᠦᠯᠬᠦ ᠵᠢ ᠪᠠᠷᠢᠮᠲᠠᠯᠠᠬᠤ ᠬᠡᠷᠡᠭᠲᠡᠶ; ᠴᠡᠴᠡᠷᠯᠢᠭ᠎ᠤᠨ ᠨᠣᠭᠤᠭ᠋ᠠᠷᠠᠭᠤᠯᠤᠯᠲᠠ᠎ᠳᠤ ᠪᠢᠴᠢᠯ ᠴᠡᠴᠡᠷᠯᠢᠭ᠎ᠢ ᠰᠠᠶ᠋ᠢᠲᠤᠷ ᠪᠠᠶ᠋ᠢᠭᠤᠯᠵᠤ᠂ ᠨᠣᠭᠤᠭ᠋ᠠᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ; ᠣᠷᠴᠢᠨ ᠲᠣᠭᠤᠷᠢᠨ᠎ᠤ ᠠᠷᠢᠭᠤᠨ ᠴᠡᠪᠡᠷ᠎ᠤᠨ ᠲᠥᠪ᠎ᠨᠢ ᠡᠯ᠎ᠡ ᠨᠡᠶ᠋ᠢᠭᠡᠮ ᠲᠣᠭᠤᠷᠢᠭ᠎ᠲᠠᠢ ᠬᠠᠮᠵᠢᠯᠴᠠᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ ᠠᠵᠢᠯ᠎ᠢ ᠬᠠᠮᠲᠤ᠎ᠪᠠᠷ ᠪᠠᠶ᠋ᠢᠩᠭᠤᠵᠢᠭᠤᠯᠤᠨ ᠥᠷᠨᠢᠭᠦᠯᠵᠦ᠂ ᠦᠵᠡᠰᠬᠦᠯᠡᠩᠲᠦ ᠰᠠᠶ᠋ᠢᠬᠠᠨ ᠳ᠋ᠧᠩᠺᠸᠦ ᠵᠢ ᠴᠣᠭᠴᠠᠯᠠᠬᠤ ᠬᠡᠷᠡᠭᠲᠡᠶ; ᠪᠠᠶᠠᠨᠭᠤᠣᠯ ᠪᠠᠯᠭ᠋ᠠᠰᠤᠨ᠎ᠤ ᠡᠯ᠎ᠡ ᠨᠡᠶ᠋ᠢᠭᠡᠮ ᠲᠣᠭᠤᠷᠢᠭ ᠴᠤ᠌ ᠰᠠᠭᠤᠭ᠋ᠠᠯᠢ ᠲᠣᠭᠤᠷᠢᠭ᠎ᠢ ᠭᠤᠶᠤᠵᠢᠭᠤᠯᠤᠨ ᠨᠣᠭᠤᠭ᠋ᠠᠷᠠᠭᠤᠯᠵᠤ᠂ ᠤᠬᠠᠭᠤᠯᠵᠤ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠣᠯᠠᠨ ᠲᠦᠮᠡᠨ᠎ᠳᠤ ᠦᠵᠡᠰᠬᠦᠯᠡᠩᠲᠦ ᠰᠠᠶ᠋ᠢᠬᠠᠨ ᠲᠠᠭ᠋ᠠᠯᠠᠮᠵᠢᠲᠠᠶ ᠣᠷᠣᠨ ᠰᠠᠭᠤᠴᠠ ᠵᠢᠨ ᠣᠷᠴᠢᠨ ᠲᠣᠭᠤᠷᠢᠨ᠎ᠢ ᠪᠤᠢ ᠪᠣᠯᠭ᠋ᠠᠵᠤ ᠥᠭᠬᠦ ᠬᠡᠷᠡᠭᠲᠡᠢ᠃ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠪᠠᠶ᠋ᠢᠭᠤᠯᠬᠤ ᠪᠠᠷᠢᠮᠵᠢᠶ᠎ᠠ ᠵᠢ ᠳᠡᠭᠡᠭᠰᠢᠯᠡᠭᠦᠯᠵᠦ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠪᠠᠶ᠋ᠢᠭᠤᠯᠬᠤ᠎ᠨᠢ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠᠲᠠᠢ ᠬᠤᠯᠪᠣᠭᠳᠠᠵᠤ᠂ ᠵᠥᠭᠡᠯᠡᠨ ᠬᠠᠲᠠᠭᠤ ᠬᠡᠷᠡᠭᠰᠡᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠲᠦᠪᠰᠢᠨ᠎ᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠣᠷᠣᠨ ᠵᠠᠢ ᠵᠢᠨ ᠬᠡᠪᠴᠢᠶ᠎ᠡ ᠵᠢ ᠥᠷᠭᠡᠳᠬᠡᠵᠦ᠂ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ᠂ ᠰᠠᠭᠤᠭ᠋ᠠᠯᠢ ᠠᠷᠠᠳ᠎ᠤᠨ ᠲᠣᠭᠤᠷᠢᠭ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠳᠤᠲᠠᠭᠤᠳᠠᠯ ᠵᠶ᠋ᠠᠨ ᠨᠥᠬᠦᠪᠥᠷᠢᠯᠡᠵᠦ᠂ ᠪᠣᠬᠢᠷ ᠤᠰᠤᠨ᠎ᠤ ᠬᠤᠭᠤᠯᠠᠢ ᠲᠣᠣᠷ᠂ ᠵᠠᠮ᠎ᠢ ᠰᠢᠯᠢᠳᠡᠭᠵᠢᠭᠦᠯᠬᠦ᠂ ᠦᠶᠡᠷ᠎ᠢ ᠰᠡᠷᠭᠡᠶ᠋ᠢᠯᠡᠵᠦ ᠤᠰᠤᠲᠤᠯ᠎ᠢ ᠡᠰᠡᠷᠭᠦᠴᠡᠬᠦ ᠵᠡᠷᠭᠡ ᠭᠤᠣᠯᠳᠠᠯᠭ᠎ᠠ᠎ᠲᠠᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠳᠠ ᠪᠠᠯᠭ᠋ᠠᠰᠤᠨ᠎ᠤ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠢᠷᠮᠠᠶ᠋ᠢᠨ ᠰᠠᠶ᠋ᠢᠵᠢᠷᠠᠭᠤᠯᠵᠤ᠂ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠬᠠᠨᠤᠮᠵᠢᠲᠠᠢ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠤᠲᠠ ᠵᠢᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠶᠠᠷᠢᠯᠴᠠᠬᠤ ᠬᠤᠷᠠᠯ ᠵᠶ᠋ᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ᠎ᠤᠨ ᠪᠠᠬᠢᠯᠡᠯᠲᠡ ᠵᠢ ᠨᠡᠪᠲᠡᠷᠡᠭᠦᠯᠵᠦ᠂ ᠨᠡᠪᠲᠡᠷᠡᠯᠴᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠰᠠᠯᠠᠭ᠎ᠠ ᠮᠥᠴᠢᠷ᠎ᠤᠨ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠨ᠂ ᠬᠤᠲᠠ ᠵᠢᠨ ᠬᠠᠮᠢᠶᠠᠷᠤᠯᠲᠠ ᠵᠢᠨ ᠪᠠᠭᠤᠷᠠᠶ ᠭᠤᠭᠴᠤᠭ᠎ᠠ ᠵᠢ ᠴᠢᠩᠭ᠎ᠠ ᠠᠩᠬᠠᠷᠴᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠬᠠᠮᠢᠶᠠᠷᠤᠯᠲᠠ ᠵᠢᠨ ᠪᠠᠶ᠋ᠢᠭᠤᠯᠤᠮᠵᠢ ᠲᠣᠭᠲᠠᠴᠠ᠎ᠪᠠᠨ ᠲᠡᠭᠦᠯᠳᠡᠷᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠥᠷᠨᠢᠭᠦᠯᠵᠦ᠂ ᠬᠤᠲᠠ ᠵᠢᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ