ᠰᠦᠨ ᠯᠢ ᠰᠢᠨ ᠨᠡᠷ ᠳ᠋ᠧᠩᠺᠸᠤ ᠰᠢᠶᠠᠨ᠎ᠤ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠵᠢᠭ᠋ᠠᠨ ᠵᠢᠯᠣᠭᠤᠳᠪᠠ
ᠨᠡᠶ᠋ᠢᠲᠡᠯᠡᠭᠰᠡᠨ ᠴᠠᠭ᠄ 2025-09-16
9 ᠰᠠᠷ᠎ᠠ ᠵᠢᠨ 14᠎ᠤ ᠡᠳᠦᠷ᠂ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠦᠨ ᠯᠢ ᠰᠢᠨ ᠬᠤᠳᠠ ᠵᠢᠨ ᠦᠷᠳᠡᠭᠡ᠎ᠳᠤ ᠰᠠᠭᠤᠭ᠎ᠠ ᠵᠢᠯᠣᠭᠤᠳᠬᠤ ᠳᠤᠭᠤᠶ᠋ᠢᠯᠠᠩ᠎ᠢ ᠳᠠᠭ᠋ᠠᠭᠤᠯᠤᠨ ᠳ᠋ᠧᠩᠺᠸᠤ ᠰᠢᠶᠠᠨ᠎ᠤ ᠪᠠᠶᠠᠨᠭᠤᠣᠯ ᠪᠠᠯᠭ᠋ᠠᠰᠤᠨ᠎ᠳᠤ ᠭᠦᠨᠵᠡᠭᠡᠶ᠋ᠢᠷᠡᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠵᠢᠯᠣᠭᠤᠳᠬᠤ ᠵᠢᠨ ᠬᠠᠮᠲᠤ ᠲᠤᠰᠬᠠᠢ ᠰᠡᠳᠦᠪᠲᠦ ᠪᠣᠯᠪᠠᠰᠤᠷᠠᠯ᠎ᠤᠨ ᠬᠤᠷᠠᠯ ᠬᠤᠷᠠᠯᠳᠤᠭᠤᠯᠪᠠ᠃ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠤᠸᠠᠩ ᠰᠢᠶᠤᠤ ᠹᠧᠩ᠂ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠠᠨ ᠷᠦᠢ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠯᠢᠶᠠᠩ ᡁᠢ ᠴᠢᠶᠠᠩ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢᠴᠢ ᠰᠢᠶᠠᠨ᠎ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

ᠰᠦᠨ ᠯᠢ ᠰᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠲᠣᠭᠤᠷᠢᠨ᠎ᠳᠤ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ 《ᠭᠤᠷᠪᠠ ᠵᠢ ᠨᠠᠶ᠋ᠢᠳᠠᠪᠤᠷᠢᠵᠢᠭᠤᠯᠵᠤ ᠨᠢᠭᠡ ᠵᠢ ᠪᠠᠬᠢᠵᠢᠭᠦᠯᠬᠦ》 ᠱᠠᠭ᠋ᠠᠷᠳᠠᠯᠭ᠎ᠠ ᠶᠣᠰᠣᠭ᠋ᠠᠷ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠂ 《ᠬᠤᠶᠠᠷ᠎ᠲᠤ ᠵᠣᠪᠠᠭ᠍ᠤ ᠦᠭᠡᠢ ᠭᠤᠷᠪᠠ ᠵᠢ ᠪᠠᠲᠤᠯᠠᠬᠤ》 ᠪᠠ ᠤᠤᠭᠤᠬᠤ ᠤᠰᠤᠨ᠎ᠤ ᠠᠮᠤᠷ ᠲᠦᠪᠰᠢᠨ ᠵᠡᠷᠭᠡ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠦᠬᠦ ᠲᠠᠯ᠎ᠠ᠎ᠪᠠᠷ ᠪᠣᠯᠪᠠᠰᠤᠷᠠᠯ ᠬᠢᠵᠦ᠂ ᠬᠤᠷᠠᠯ᠎ᠳᠤ ᠣᠷᠣᠯᠴᠠᠭᠰᠠᠨ ᠪᠦᠬᠦ ᠬᠥᠮᠦᠰ᠎ᠤᠨ ᠲᠤᠬᠠᠶ᠋ᠢᠯᠠᠭᠰᠠᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃
ᠬᠤᠷᠠᠯ᠎ᠤᠨ ᠳᠠᠷᠠᠭ᠎ᠠ᠂ ᠰᠦᠨ ᠯᠢ ᠰᠢᠨ ᠬᠤᠲᠠ ᠵᠢᠨ ᠥᠷᠲᠡᠭᠡᠨ᠎ᠳᠤ ᠰᠠᠭᠤᠭ᠎ᠠ ᠵᠢᠯᠣᠭᠤᠳᠬᠤ ᠳᠤᠭᠤᠶ᠋ᠢᠯᠠᠩᠤᠨᠬᠢᠨᠢ ᠳᠠᠭ᠋ᠠᠭᠤᠯᠤᠨ ᠴᠧᠩ ᠭᠤᠸᠠᠨ ᠲᠣᠰᠬᠤᠨ᠎ᠳᠤ ᠭᠦᠨᠵᠡᠭᠡᠶ᠋ᠢᠷᠡᠨ ᠡᠷᠦᠬᠡ᠎ᠳᠤ ᠬᠦᠷᠴᠦ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃
ᠡᠷᠦᠬᠡ᠎ᠳᠤ ᠬᠦᠷᠴᠦ ᠬᠢᠨᠠᠨ ᠪᠠᠶ᠋ᠢᠴᠠᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠰᠦᠨ ᠯᠢ ᠰᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠠᠰᠠᠭᠤᠳᠠᠯ᠎ᠢ ᠬᠠᠷᠢᠭᠤ ᠲᠤᠰᠬᠠᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠡᠯ᠎ᠡ ᠵᠢᠯᠣᠭᠤᠳᠬᠤ ᠳᠤᠭᠤᠶ᠋ᠢᠯᠠᠩ᠎ᠤᠨ᠎ᠬᠢᠨ ᠡᠷᠦᠬᠡ᠎ᠳᠤ ᠣᠷᠣᠬᠤ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠢ ᠬᠠᠷᠢᠭᠤ ᠲᠤᠰᠬᠠᠬᠤ ᠵᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠰᠦᠨ ᠯᠢ ᠰᠢᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠢ ᠲᠡᠭᠦᠰᠬᠡᠯ᠎ᠤᠨ ᠰᠢᠢ᠍ᠳᠪᠦᠷᠢᠲᠦ ᠳᠠᠶ᠋ᠢᠯᠠᠯᠳᠤᠭ᠋ᠠᠨ᠎ᠤ ᠵᠠᠩᠭᠢᠯᠠᠭ᠎ᠠ ᠵᠢᠨ ᠴᠠᠭ ᠮᠥᠴᠡ᠎ᠳᠤ ᠬᠦᠷᠲᠡᠯ᠎ᠡ ᠬᠢᠵᠦ᠂ ᠴᠢᠩᠭ᠎ᠠ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠤᠯᠭ᠋ᠠᠮ᠎ᠠ ᠰᠡᠳᠬᠢᠯᠭᠡ᠎ᠪᠠᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠡᠯ᠎ᠡ ᠵᠦᠢ᠍ᠯ᠎ᠤᠨ ᠠᠵᠢᠯ᠎ᠳᠤ ᠰᠢᠯᠭ᠋ᠠᠷᠠᠭᠰᠠᠨ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ᠃ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠵᠦ᠂ ᠳᠤᠲᠠᠭᠤᠳᠠᠯ ᠪᠠᠭᠤᠷᠠᠢ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠲᠠᠭᠤᠳᠠᠯ᠎ᠢ ᠪᠠᠶ᠋ᠢᠴᠠᠭ᠋ᠠᠨ ᠳᠤᠲᠠᠭᠤ ᠵᠢ ᠨᠥᠬᠦᠪᠥᠷᠢᠯᠡᠵᠦ᠂ ᠵᠣᠬᠢᠴᠠᠭᠤᠯᠤᠨ ᠬᠠᠮᠲᠤᠷᠠᠯᠴᠠᠵᠤ᠂ ᠠᠰᠠᠭᠤᠳᠠᠯ᠎ᠢ ᠪᠦᠬᠦᠨ᠎ᠢ ᠴᠡᠪᠡᠷᠯᠡᠬᠦ᠂ ᠬᠢᠨᠠᠨ ᠰᠢᠯᠭ᠋ᠠᠬᠤ᠎ᠳᠤ ᠬᠤᠪᠢ ᠠᠯᠳᠠᠬᠤ ᠦᠭᠡᠢ ᠪᠠᠶ᠋ᠢᠬᠤ ᠵᠢ ᠪᠠᠲᠤᠯᠠᠵᠤ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ ᠬᠡᠷᠡᠭᠲᠡᠢ᠃ ᠭᠤᠣᠯᠳᠠᠯᠭ᠎ᠠ᠎ᠲᠠᠢ ᠬᠠᠮᠲᠤᠯᠢᠭ᠎ᠤᠨ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠤᠯᠠᠨ ᠬᠡᠯᠪᠡᠷᠢ᠎ᠪᠠᠷ᠂ ᠪᠦᠬᠦᠨ᠎ᠢ ᠪᠦᠷᠬᠦᠬᠦᠯᠵᠦ ᠤᠨᠢᠨ ᠳᠡᠭᠡᠷ᠎ᠡ᠎ᠨᠢ ᠨᠠᠶ᠋ᠢᠳᠠᠪᠤᠷᠢᠵᠢᠭᠤᠯᠵᠤ᠂ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠡᠳᠬᠢᠯ ᠲᠠᠯᠪᠢᠨ ᠰᠠᠶ᠋ᠢᠲᠤᠷ ᠰᠢᠢ᠍ᠳᠪᠦᠷᠢᠯᠡᠵᠦ᠂ ᠠᠵᠢᠯ ᠵᠶ᠋ᠠᠨ ᠤᠯᠠᠨ ᠲᠦᠮᠡᠨ᠎ᠤ ᠰᠡᠳᠬᠢᠯ᠎ᠳᠤ ᠬᠠᠳᠠᠩᠰᠢᠭᠤᠯᠬᠤ ᠬᠡᠷᠡᠭᠲᠡᠢ᠃ ᠣᠨᠣᠯ ᠲᠥᠷᠥ ᠵᠢᠨ ᠪᠣᠳᠣᠯᠭ᠎ᠠ ᠵᠢᠨ ᠲᠤᠬᠠᠶ᠋ᠢᠯᠠᠭᠰᠠᠨ ᠠᠵᠢᠯ᠎ᠤᠨ ᠰᠤᠷᠤᠯᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ ᠪᠣᠯᠭ᠋ᠠᠵᠤ᠂ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠲᠣᠳᠣᠷᠬᠠᠶ ᠣᠶ᠋ᠢᠯᠠᠭ᠋ᠠᠵᠤ᠂ ᠠᠰᠠᠭᠤᠳᠠᠯ᠎ᠢ ᠤᠯᠠᠮ ᠨᠢᠭᠡ ᠠᠯᠬᠤᠮ ᠣᠨᠣᠪᠴᠢᠲᠠᠶ ᠪᠣᠯᠭ᠋ᠠᠵᠤ᠂ ᠬᠠᠰᠢᠷ ᠮᠡᠷᠭᠡᠵᠢᠯᠲᠡᠨ ᠪᠣᠯᠵᠣ᠂ ᠬᠠᠷᠢᠭᠤᠴᠠᠯᠭ᠎ᠠ᠎ᠪᠠᠨ ᠮᠡᠳᠡᠵᠦ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠬᠡᠷᠡᠭᠲᠡᠶ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ