ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

【ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠭᠦ ᠠᠷᠪᠠᠨ ᠨᠠᠢ᠍ᠮᠠᠳᠤᠭᠠᠷ ᠬᠤᠭᠤᠴᠠᠭ᠎ᠠ᠃】 ᠪᠠᠶᠠᠨᠭᠤᠣᠯ ᠪᠠᠯᠭ᠋ᠠᠰᠤᠨ᠎ᠤ ᠰᠢᠷ᠎ᠠ ᠮᠤᠳᠤ ᠭᠠᠴᠠᠭ᠎ᠠ᠄ ᠠᠷᠠᠳ᠎ᠲᠤ ᠪᠣᠳᠠᠲᠤ ᠶᠠᠪᠤᠳᠠᠯ ᠬᠢᠵᠦ ᠵᠠᠮ ᠵᠠᠰᠠᠵᠤ ᠠᠷᠠᠳ᠎ᠲᠤ ᠳᠦᠭᠦᠮ ᠦᠵᠡᠭᠦᠯᠭᠦ᠌ ᠠᠵᠢᠯᠯᠠᠭ᠎ᠠ

ᠨᠡᠶ᠋ᠢᠲᠡᠯᠡᠭᠰᠡᠨ ᠴᠠᠭ᠄   2025-09-01

ᠤᠢ᠍ᠢ᠍ᠷ᠎ᠠ ᠵᠢᠨ ᠬᠤᠭᠤᠴᠠᠭ᠋ᠠᠨ᠎ᠳᠤ᠂ ᠪᠠᠶᠠᠨᠭᠤᠣᠯ ᠪᠠᠯᠭ᠋ᠠᠰᠤ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠠᠷᠳᠠᠴᠠ ᠪᠣᠯᠭ᠋ᠠᠵᠤ᠂ 《ᠨᠡᠶ᠋ᠢᠭᠡᠮ ᠲᠣᠭᠤᠷᠢᠭ ᠪᠣᠯᠤᠨ ᠭᠠᠴᠠᠭ᠎ᠠ ᠲᠣᠰᠬᠤᠨ ᠬᠤᠤᠰᠯᠠᠨ ᠬᠠᠪᠰᠤᠷᠤᠨ ᠲᠡᠳᠬᠦᠬᠦ》 ᠵᠠᠭᠪᠤᠷ ᠵᠶ᠋ᠠᠷ ᠪᠦᠬᠦ ᠪᠠᠯᠭ᠋ᠠᠰᠤᠨ᠎ᠤ ᠺᠠᠳ᠋ᠷ᠎ᠤᠨ ᠡᠷᠦᠭᠡ᠎ᠳᠤ ᠬᠦᠷᠴᠦ ᠨᠡᠶ᠋ᠢᠳᠡᠮ ᠰᠤᠷᠪᠤᠯᠵᠢᠯᠠᠬᠤ ᠶᠠᠪᠤᠴᠠ᠎ᠳᠤ ᠤᠯᠠᠨ ᠲᠦᠮᠡᠨ᠎ᠤ ᠬᠠᠷᠢᠭᠤ ᠲᠤᠰᠬᠠᠭᠰᠠᠨ ᠠᠰᠠᠭᠤᠳᠠᠯ᠎ᠢ ᠬᠤᠷᠢᠶᠠᠩᠭᠤᠶ᠋ᠢᠯᠠᠨ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠶᠠᠪᠤᠳᠠᠯ᠎ᠢ ᠪᠣᠳᠠᠲᠠᠢ ᠬᠢᠵᠦ᠂ ᠠᠷᠠᠳ᠎ᠤᠨ ᠰᠠᠨᠠᠭ᠋ᠠᠨ᠎ᠳᠤ ᠨᠡᠶ᠋ᠢᠴᠡᠭᠰᠡᠨ ᠶᠠᠪᠤᠳᠠᠯ᠎ᠢ ᠰᠠᠶ᠋ᠢᠲᠤᠷ ᠬᠢᠵᠦ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ᠎ᠤ ᠬᠠᠷᠢᠴᠠᠭ᠎ᠠ ᠵᠢ ᠴᠢᠨᠠᠭᠰᠢᠳᠠ ᠨᠢᠭᠲᠠᠷᠠᠭᠤᠯᠵᠤ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃ ᠲᠣᠰ ᠡᠳᠦᠷ᠎ᠠᠴᠠ ᠡᠬᠢᠯᠡᠨ᠂ ᠪᠠᠶᠠᠨᠭᠤᠤᠯ ᠪᠠᠯᠭ᠋ᠠᠰᠤᠨ᠎ᠳᠤ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠲᠤᠰᠬᠠᠶ ᠪᠤᠯᠤᠩ ᠭᠠᠷᠭ᠋ᠠᠵᠤ᠂ ᠠᠷᠠᠳ ᠲᠦᠮᠡᠨ᠎ᠳᠤ ᠦᠢ᠍ᠯᠡᠴᠢᠯᠡᠵᠦ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠦᠢ᠍ᠯᠡ ᠠᠵᠢᠯᠯᠠᠭ᠎ᠠ ᠵᠢ ᠨᠡᠶ᠋ᠢᠲᠡᠯᠡᠵᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠪᠡ᠃ ᠥᠨᠥᠳᠥᠷ ᠪᠢᠳᠡ ᠠᠷᠪᠠᠨ ᠨᠠᠢ᠍ᠮᠠᠳᠤᠭ᠋ᠠᠷ ᠬᠤᠭᠤᠴᠠᠭ᠎ᠠ ᠵᠢ ᠨᠡᠶ᠋ᠢᠲᠡᠯᠡᠨ᠎ᠡ᠃

ᠰᠢᠷ᠎ᠠ ᠮᠣᠳᠣ ᠭᠠᠴᠠᠭ᠋ᠠᠨ᠎ᠳᠤ ᠨᠢᠭᠡ ᠵᠤᠷᠪᠤᠰ ᠬᠠᠭᠤᠴᠢᠨ ᠰᠢᠷᠣᠢ ᠵᠢᠨ ᠵᠠᠮ᠎ᠲᠠᠢ᠂ ᠵᠠᠮ᠎ᠤᠨ ᠭᠠᠳᠠᠷᠭᠤ ᠵᠢᠨ ᠬᠤᠲᠣᠭᠤᠷ ᠬᠤᠲᠣᠭᠤᠷ ᠬᠤᠲᠣᠭᠤᠷ ᠪᠠᠶ᠋ᠢᠵᠤ᠂ ᠲᠤᠩᠭ᠋ᠠᠯᠠᠭ ᠡᠳᠦᠷ ᠲᠣᠭᠤᠰᠣ ᠰᠢᠷᠣᠢ ᠪᠤᠳᠠᠷᠠᠨ᠂ ᠪᠣᠷᠣᠭ᠋ᠠᠨ᠎ᠲᠠᠢ ᠡᠳᠦᠷ ᠰᠢᠪᠠᠷ ᠱᠠᠯᠴᠢᠭ ᠪᠣᠯᠬᠤᠷ ᠡᠷᠬᠢᠨ ᠲᠣᠭᠤᠷᠢᠨ᠎ᠤ ᠣᠯᠠᠨ ᠲᠦᠮᠡᠨ ᠭᠠᠳᠠᠭᠰᠢ ᠭᠠᠷᠬᠤ᠎ᠳᠤ ᠲᠦᠢ᠍ᠯ᠎ᠤᠨ ᠳᠥᠭᠦᠮ ᠦᠭᠡᠢ᠂ ᠢᠯᠠᠩᠭᠤᠶ᠎ᠠ ᠲᠠᠷᠢᠶᠠᠯᠠᠩ᠎ᠤᠨ ᠶᠠᠭ᠋ᠠᠷᠠᠤ ᠦᠶ᠎ᠡ᠎ᠳᠤ ᠲᠣᠮᠣ ᠬᠡᠯᠪᠡᠷᠢ ᠵᠢᠨ ᠲᠠᠷᠢᠶᠠᠯᠠᠩ᠎ᠤᠨ ᠮᠠᠰᠢᠨ ᠣᠷᠣᠵᠤ ᠢᠷᠡᠵᠦ ᠳᠡᠶ᠋ᠢᠯᠬᠦ ᠦᠭᠡᠢ ᠪᠠᠶ᠋ᠢᠳᠠᠭ᠃ ᠣᠶ᠋ᠢᠷ᠎ᠠ ᠵᠢᠨ ᠬᠤᠭᠤᠴᠠᠭ᠋ᠠᠨ᠎ᠳᠤ᠂ ᠰᠢᠷ᠎ᠠ ᠮᠣᠳᠣ ᠭᠠᠴᠠᠭ᠎ᠠ ᠲᠣᠰᠬᠤᠨ᠎ᠤ ᠨᠠᠮ᠎ᠤᠨ ᠬᠤᠷᠢᠶ᠎ᠠ ᠲᠣᠰ ᠬᠡᠷᠡᠭ᠎ᠤᠨ ᠳᠠᠷᠠᠭ᠎ᠠ 《ᠪᠢ ᠣᠯᠠᠨ ᠲᠦᠮᠡᠨ᠎ᠳᠤ ᠪᠣᠳᠠᠲᠠᠶ ᠠᠵᠢᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ᠎ᠪᠠᠷ ᠭᠠᠷᠳᠠᠴᠠ ᠪᠣᠯᠭ᠋ᠠᠵᠤ᠂ ᠲᠣᠰᠬᠤᠨ᠎ᠤ ᠠᠷᠠᠳ᠎ᠤᠨ ᠵᠠᠮ ᠵᠠᠰᠠᠵᠤ ᠠᠷᠠᠳ᠎ᠲᠤ ᠲᠥᠬᠦᠮ ᠦᠵᠡᠭᠦᠯᠵᠦ ᠪᠠᠶ᠋ᠢᠨ᠎ᠠ᠃

ᠲᠣᠰᠬᠤᠨ᠎ᠤ ᠠᠷᠠᠳ᠎ᠤᠨ ᠶᠠᠪᠤᠵᠤ ᠰᠠᠭᠤᠬᠤ ᠵᠠᠮ᠎ᠤᠨ ᠳᠥᠭᠦᠮ ᠳᠥᠲᠡ ᠴᠢᠨᠠᠷ ᠪᠠ ᠠᠮᠤᠷ ᠲᠦᠪᠰᠢᠨ᠎ᠤ ᠴᠢᠨᠠᠷ᠎ᠢ ᠳᠡᠭᠡᠭᠰᠢᠯᠡᠭᠦᠯᠵᠦ᠂ ᠰᠠᠯᠠᠮ᠎ᠠ ᠭᠠᠴᠠᠭ᠎ᠠ ᠲᠣᠰᠬᠤᠨ᠎ᠤ 《ᠬᠤᠶᠠᠷ ᠵᠥᠪᠯᠡᠯ》 ᠲᠡᠷᠡ ᠳᠠᠷᠤᠶ᠎ᠳᠤᠨᠢ ᠪᠠᠷᠢᠯᠭ᠎ᠠ ᠵᠢᠨ ᠲᠠᠯ᠎ᠠ ᠵᠢᠨ᠎ᠬᠢᠨ᠎ᠲᠠᠢ ᠬᠠᠷᠢᠯᠴᠠᠵᠤ᠂ ᠭᠠᠳᠠᠭᠰᠢ ᠭᠠᠷᠬᠤ ᠵᠠᠮ᠎ᠢ ᠵᠠᠰᠠᠨ ᠪᠠᠶ᠋ᠢᠭᠤᠯᠵᠤ᠂ ᠵᠠᠮ ᠳᠡᠭᠡᠷ᠎ᠡ ᠵᠤᠵᠠᠭ᠋ᠠᠨ ᠬᠠᠶ᠋ᠢᠷ ᠴᠢᠯᠠᠭᠤ ᠳᠡᠪᠢᠰᠴᠦ᠂ ᠵᠠᠮ᠎ᠤᠨ ᠲᠡᠭᠰᠢ ᠵᠢᠨ ᠬᠡᠮᠵᠢᠶ᠎ᠡ ᠪᠠ ᠬᠠᠲᠠᠭᠤ ᠬᠠᠲᠠᠭᠤᠴᠠ ᠵᠢ ᠳᠡᠭᠡᠭᠰᠢᠯᠡᠭᠦᠯᠵᠦ᠂ ᠰᠠᠶ᠋ᠢᠨ ᠰᠠᠶ᠋ᠢᠬᠠᠨ ᠵᠠᠮ ᠬᠠᠷᠢᠯᠴᠠᠭ᠋ᠠᠨ᠎ᠤ ᠨᠥᠬᠦᠴᠡᠯ ᠴᠦ᠍ ᠲᠣᠰᠬᠤᠨ᠎ᠤ ᠠᠷᠠᠳ᠎ᠤᠨ ᠬᠠᠨᠤᠮᠵᠢ ᠵᠢᠨ ᠬᠡᠮᠵᠢᠶ᠎ᠡ ᠪᠠ ᠵᠣᠯ ᠵᠢᠷᠭ᠋ᠠᠯᠲᠤ ᠲᠥᠷᠥᠭᠳᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠵᠠᠮ ᠵᠠᠰᠠᠭᠰᠠᠨ ᠦᠷ᠎ᠡ ᠪᠦᠲᠦᠭᠡᠯ᠎ᠤᠨ ᠤᠷᠳᠤ ᠬᠤᠭᠤᠴᠠᠭ᠎ᠠ᠎ᠪᠠᠷ ᠲᠣᠰᠬᠤᠨ᠎ᠤ ᠠᠷᠠᠳ᠎ᠲᠤ ᠠᠰᠢᠭ ᠬᠦᠷᠲᠡᠭᠡᠬᠦ ᠵᠢ ᠪᠠᠲᠤᠯᠠᠬᠤ ᠵᠢᠨ ᠲᠥᠯᠥᠭᠡ᠂ ᠳᠠᠷᠠᠭ᠋ᠠᠴᠢ ᠵᠢᠨ ᠠᠯᠬᠤᠮ᠎ᠳᠤ᠂ ᠰᠢᠷ᠎ᠠ ᠮᠣᠳᠣ ᠭᠠᠴᠠᠭ᠎ᠠ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠠᠭ᠋ᠠᠯᠠᠨ ᠠᠷᠠᠴᠢᠯᠠᠵᠤ᠂ ᠵᠠᠮ᠎ᠤᠨ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠵᠡᠷᠭᠡ ᠵᠢ ᠥᠷᠨᠢᠭᠦᠯᠵᠦ᠂ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ᠂ ᠵᠠᠮ᠎ᠤᠨ ᠬᠡᠷᠡᠭᠯᠡᠯᠲᠡ ᠵᠢᠨ ᠠᠮᠢ ᠨᠠᠰᠤ ᠵᠢ ᠤᠷᠲᠤᠳᠬᠠᠬᠤ ᠪᠣᠯᠤᠨ᠎ᠠ᠃

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ