ᠪᠠᠶᠠᠨᠭᠤᠣᠯ ᠪᠠᠯᠭ᠋ᠠᠰᠤ ᠳ᠋ᠧᠩᠺᠧᠦ ᠰᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢᠨ ᠨᠥᠬᠦᠵᠦ ᠰᠣᠩᠭᠤᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2026-01-07
ᠠᠷᠠᠳ ᠲᠦᠮᠡᠨ᠎ᠤ ᠡᠷᠬᠡ ᠮᠡᠳᠡᠵᠦ ᠡᠵᠡᠨ ᠰᠠᠭᠤᠬᠤ ᠡᠷᠬᠡ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠰᠣᠩᠭᠤᠭᠤᠯᠢ ᠵᠢᠨ ᠬᠠᠤᠯᠢ》 ᠵᠡᠷᠭᠡ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠪᠠᠶᠠᠨᠭᠤᠣᠯ ᠪᠠᠯᠭ᠋ᠠᠰᠤ 1 ᠰᠠᠷ᠎ᠠ ᠵᠢᠨ 5᠎ᠤ ᠡᠳᠦᠷ ᠰᠢᠶᠠᠨ᠎ᠤ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠨᠥᠬᠦᠵᠦ ᠰᠣᠩᠭᠤᠬᠤ ᠠᠵᠢᠯ᠎ᠢ ᠬᠠᠤᠯᠢ ᠶᠣᠰᠣᠭ᠋ᠠᠷ ᠥᠷᠨᠢᠭᠦᠯᠪᠡ᠃
ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠨ᠎ᠠ᠃

ᠪᠠᠶᠠᠨᠭᠤᠣᠯ ᠪᠠᠯᠭ᠋ᠠᠰᠤ ᠲᠣᠰ ᠤᠳᠠᠭ᠋ᠠᠨ᠎ᠤ ᠨᠥᠬᠦᠨ ᠰᠣᠩᠭᠤᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠥᠬᠦᠵᠦ ᠰᠣᠩᠭᠤᠬᠤ ᠠᠵᠢᠯ᠎ᠳᠤ ᠪᠥᠬᠦ ᠲᠠᠯ᠎ᠠ ᠵᠢᠨ ᠲᠣᠬᠢᠷᠠᠭᠤᠯᠤᠯᠲᠠ ᠬᠢᠵᠦ᠂ ᠡᠯ᠎ᠡ ᠰᠣᠩᠭᠤᠭᠤᠯᠢ ᠵᠢᠨ ᠲᠣᠭᠤᠷᠢᠭ᠎ᠢ ᠬᠠᠤᠯᠢ ᠵᠢ ᠴᠢᠩᠭ᠎ᠠ ᠵᠢᠷᠤᠮᠯᠠᠨ ᠠᠵᠢᠯᠯᠠᠵᠤ᠂ ᠰᠣᠩᠭᠤᠭᠤᠯᠢ ᠵᠢᠨ ᠠᠷᠠᠳ᠎ᠤᠨ ᠰᠣᠩᠭᠤᠬᠤ ᠡᠷᠬᠡ ᠪᠠ ᠰᠣᠩᠭᠤᠭᠳᠠᠬᠤ ᠡᠷᠬᠡ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ ᠰᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠳᠡᠳ᠋ ᠡᠷᠬᠢᠯᠡᠭᠴᠢ ᠶᠧ ᠮᠣᠳᠣ ᠪᠣᠯᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠡᠯ᠎ᠡ ᠰᠣᠩᠭᠤᠭᠤᠯᠢ ᠵᠢᠨ ᠲᠣᠭᠤᠷᠢᠭ᠎ᠲᠤ ᠭᠦᠨᠵᠡᠭᠡᠶ᠋ᠢᠷᠡᠵᠦ᠂ ᠨᠥᠬᠦᠵᠦ ᠰᠣᠩᠭᠤᠬᠤ ᠠᠵᠢᠯ᠎ᠢ ᠵᠢᠯᠣᠭᠤᠳᠬᠤ ᠪᠠ ᠰᠢᠮᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠨᠥᠬᠦᠵᠦ ᠰᠣᠩᠭᠤᠬᠤ ᠠᠵᠢᠯ᠎ᠢ ᠪᠡᠯᠡᠳᠬᠡᠬᠦ᠎ᠠᠴᠠ ᠬᠡᠷᠡᠭᠵᠢᠭᠦᠯᠬᠦ ᠡᠯ᠎ᠡ ᠭᠤᠭᠴᠤᠭ᠎ᠠ ᠵᠢᠨ ᠵᠣᠯᠭ᠋ᠠᠯᠴᠠᠭ᠎ᠠ ᠤᠷᠤᠭᠰᠢᠲᠠᠢ᠂ ᠵᠢᠷᠤᠮᠵᠢᠯ᠎ᠲᠠᠢ ᠡᠮᠬᠢ ᠳᠢᠭᠯᠢᠮ᠎ᠲᠠᠢ ᠪᠠᠶ᠋ᠢᠬᠤ ᠵᠢ ᠪᠠᠲᠤᠯᠠᠪᠠ᠃ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠥᠷᠭᠡᠨ ᠵᠶ᠋ᠠᠷ ᠤᠬᠠᠭᠤᠯᠬᠤ
ᠰᠣᠩᠭᠤᠭᠤᠯᠢ ᠡᠬᠢᠯᠡᠬᠦ᠎ᠠᠴᠠ ᠡᠮᠦᠨ᠎ᠡ᠂ ᠱᠠᠭ᠋ᠠᠷᠳᠠᠯᠭ᠎ᠠ ᠵᠢ ᠦᠨᠳᠦᠰᠦᠯᠡᠨ᠂ ᠤᠬᠠᠭᠤᠯᠤᠨ ᠳᠠᠶ᠋ᠢᠴᠢᠯᠠᠬᠤ᠂ ᠨᠡᠷ᠎ᠡ ᠳᠤᠷᠠᠳᠤᠭᠳᠠᠭᠰᠠᠨ ᠵᠢᠱ᠌ᠢᠭᠳᠡᠭᠰᠡᠳ᠂ ᠪᠢᠯᠧᠲ ᠥᠭᠴᠦ ᠰᠣᠩᠭᠤᠬᠤ ᠵᠡᠷᠭᠡ ᠡᠯ᠎ᠡ ᠱᠠᠲᠤᠨ᠎ᠤ ᠠᠵᠢᠯ᠎ᠢ ᠬᠠᠤᠯᠢ ᠶᠣᠰᠣᠭ᠋ᠠᠷ ᠥᠷᠨᠢᠭᠦᠯᠵᠦ᠂ ᠠᠯᠪᠠᠨ ᠵᠠᠷ ᠨᠠᠭ᠋ᠠᠬᠤ᠂ ᠡᠷᠦᠬᠡ᠎ᠳᠤ ᠬᠦᠷᠴᠦ ᠰᠤᠷᠪᠤᠯᠵᠢᠯᠠᠬᠤ᠂ ᠸᠢᠴᠠᠲ᠎ᠤᠨ ᠬᠤᠯᠪᠤᠭ᠎ᠠ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠰᠣᠩᠭᠤᠭᠤᠯᠢ ᠵᠢᠨ ᠠᠷᠠᠳ᠎ᠤᠨ ᠠᠷᠠᠳᠴᠢᠯᠠᠯ᠎ᠤᠨ ᠡᠷᠬᠡ᠎ᠪᠠᠨ ᠢᠳᠡᠪᠬᠢᠲᠡᠶ ᠬᠡᠷᠡᠭᠵᠢᠭᠦᠯᠬᠦ ᠵᠢ ᠬᠥᠲᠥᠯᠦᠨ ᠵᠢᠯᠣᠭᠤᠳᠴᠤ᠂ ᠰᠠᠨᠠᠭ᠋ᠠᠴᠢᠯᠠᠭ᠎ᠠ᠎ᠠᠴᠠ᠎ᠪᠠᠨ ᠪᠢᠯᠧᠲ ᠥᠭᠬᠦ᠎ᠳᠤ ᠣᠷᠣᠯᠴᠠᠵᠤ᠂ ᠭᠦᠨ ᠵᠤᠵᠠᠭ᠋ᠠᠨ ᠠᠷᠠᠳᠴᠢᠯᠠᠯ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃
ᠠᠯᠬᠤᠮ ᠳᠠᠷᠠᠭ᠎ᠠ᠎ᠲᠠᠢ᠂ ᠲᠡᠭᠦᠰ ᠠᠮᠵᠢᠯᠲᠠ᠎ᠲᠠᠢ ᠪᠡᠶᠡᠯᠡᠭᠦᠯᠬᠦ

ᠰᠣᠩᠭᠣᠭᠤᠯᠢ ᠵᠢᠨ ᠡᠳᠦᠷ ᠦ᠋᠎ᠤᠨ᠎ᠲᠤ᠂ ᠥᠷᠭᠡᠨ ᠣᠯᠠᠨ ᠰᠣᠩᠭᠣᠭᠤᠯᠢ ᠵᠢᠨ ᠠᠷᠠᠳ ᠠᠷᠠᠳᠴᠢᠯᠠᠯ᠎ᠤᠨ ᠡᠷᠬᠡ᠎ᠪᠠᠨ ᠢᠳᠡᠪᠬᠢᠲᠡᠢ ᠬᠡᠷᠡᠭᠵᠢᠭᠦᠯᠵᠦ᠂ ᠣᠷᠭᠢᠯᠤᠮ᠎ᠠ ᠬᠠᠯᠠᠭᠤᠨ ᠤᠯᠤᠰ ᠲᠥᠷᠥ ᠵᠢᠨ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ᠎ᠤ ᠬᠠᠷᠢᠭᠤᠴᠠᠯᠭᠠᠳᠤ ᠰᠡᠳᠬᠢᠯᠭᠡ ᠪᠠ ᠠᠷᠢᠭᠤᠨ ᠳᠠᠷᠬᠠᠨ ᠨᠢᠭᠡ ᠪᠢᠯᠧᠲ ᠥᠭᠭᠦᠭᠰᠡᠨ ᠪᠠᠶ᠋ᠢᠨ᠎ᠠ᠃ ᠪᠦᠬᠦ᠋ᠢ᠍ᠯᠡ ᠰᠣᠩᠭᠤᠭᠤᠯᠢ ᠵᠢᠨ ᠶᠠᠪᠤᠴᠠ ᠡᠮᠬᠢ ᠳᠢᠭᠯᠢᠮ᠎ᠲᠠᠢ ᠪᠠᠶ᠋ᠢᠵᠤ᠂ ᠰᠣᠩᠭᠤᠭᠤᠯᠢ ᠵᠢᠨ ᠠᠷᠠᠳ᠎ᠤᠨ ᠣᠷᠣᠯᠴᠠᠬᠤ ᠬᠠᠯᠠᠭᠤᠨ ᠰᠡᠳᠬᠢᠯᠭᠡ ᠣᠷᠭᠢᠯᠵᠤ᠂ ᠠᠷᠠᠳ ᠲᠦᠮᠡᠨ᠎ᠤ ᠡᠷᠬᠡ ᠮᠡᠳᠡᠵᠦ ᠡᠵᠡᠨ ᠰᠠᠭᠤᠬᠤ ᠪᠠᠶ᠋ᠢᠷᠢ ᠰᠠᠭᠤᠷᠢ ᠵᠢ ᠭᠦᠢ᠍ᠴᠡᠳ ᠢᠯᠡᠷᠡᠭᠦᠯᠪᠡ᠃ ᠪᠠᠴᠢᠮ ᠪᠥᠭᠡᠳ ᠡᠮᠬᠢ ᠵᠢᠷᠤᠮ᠎ᠲᠠᠢ ᠪᠢᠯᠧᠲ ᠥᠭᠬᠦ᠂ ᠪᠢᠯᠧᠲ ᠪᠦᠷᠢᠳᠬᠡᠬᠦ᠎ᠪᠠᠷ ᠳᠡᠮᠵᠢᠨ᠂ 3 ᠲᠥᠯᠥᠭᠡᠯᠡᠭᠴᠢ ᠵᠢᠨ ᠵᠢᠱ᠌ᠢᠭᠳᠡᠭᠴᠢ ᠥᠨᠳᠥᠷ ᠪᠢᠯᠧᠲ ᠵᠶ᠋ᠠᠷ ᠳ᠋ᠧᠩᠺᠸᠦ ᠰᠢᠶᠠᠨ᠎ᠤ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠎ᠪᠠᠷ ᠰᠣᠩᠭᠤᠭᠳᠠᠪᠠ᠃ ᠲᠣᠰ ᠤᠳᠠᠭ᠋ᠠᠨ᠎ᠤ ᠨᠥᠬᠦᠨ ᠰᠣᠩᠭᠤᠬᠤ ᠠᠵᠢᠯ᠎ᠢ ᠤᠷᠤᠭᠰᠢᠲᠠᠶ ᠪᠡᠶᠡᠯᠡᠭᠦᠯᠦᠭᠰᠡᠨ᠎ᠨᠢ ᠠᠷᠠᠳᠴᠢᠯᠠᠯ᠎ᠤᠨ ᠡᠷᠬᠡ ᠵᠢᠨ ᠠᠮᠢᠳᠤᠯᠢᠭ ᠦᠢ᠍ᠯᠡᠳᠦᠯᠭᠡ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠦᠨᠳᠦᠰᠦᠨ ᠱᠠᠲᠤᠨ᠎ᠤ ᠣᠯᠠᠨ ᠲᠦᠮᠡᠨ᠎ᠤ ᠨᠡᠶ᠋ᠢᠭᠡᠮ᠎ᠤᠨ ᠵᠠᠰᠠᠯᠲᠠ᠎ᠳᠤ ᠢᠳᠡᠪᠬᠢᠲᠡᠶ ᠣᠷᠣᠯᠴᠠᠭᠰᠠᠨ ᠠᠮᠢᠳᠤᠯᠢᠭ ᠵᠢᠷᠤᠭ᠎ᠢ ᠵᠢᠷᠤᠭᠯᠠᠵᠤ ᠭᠠᠷᠭ᠋ᠠᠭᠰᠠᠨ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ᠂ ᠪᠠᠶᠠᠨᠭᠤᠣᠯ ᠪᠠᠯᠭ᠋ᠠᠰᠤ ᠲᠥᠯᠥᠭᠡᠯᠡᠭᠴᠢᠳ᠎ᠤᠨ ᠦᠨᠳᠦᠰᠦᠨ ᠱᠠᠲᠤᠨ᠎ᠳᠤ ᠦᠨᠳᠦᠰᠦᠯᠡᠵᠦ᠂ ᠠᠷᠠᠳ᠎ᠤᠨ ᠰᠠᠨᠠᠯ᠎ᠢ ᠰᠣᠨᠣᠰᠬᠤ ᠵᠢ ᠢᠳᠡᠪᠬᠢᠲᠡᠢ ᠬᠦᠳᠦᠯᠦᠨ ᠵᠢᠯᠣᠭᠤᠳᠴᠤ᠂ ᠤᠯᠠᠨ ᠲᠦᠮᠡᠨ᠎ᠳᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠪᠠᠶᠠᠨᠭᠤᠣᠯ ᠪᠠᠯᠭ᠋ᠠᠰᠤᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠤᠨ᠎ᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ