ᠲᠡᠷᠢᠭᠦᠨ ᠬᠠᠭᠤᠳᠠᠰᠤ   -   ᠰᠤᠮᠤ ᠪᠠᠯᠭᠠᠰᠤᠨ᠎ᠤ ᠰᠣᠨᠢᠨ ᠮᠡᠳᠡᠭᠡ

ᠳ᠋ᠦ᠋ ᠺᠸᠦ ᠪᠠᠯᠭ᠋ᠠᠰᠤ ᠲᠥᠯᠥᠪᠯᠡᠭᠡᠲᠦ ᠦᠷᠡᠵᠢᠯ᠎ᠢ ᠣᠨᠴᠠᠭ᠋ᠠᠶ ᠲᠡᠳᠬᠦᠵᠦ ᠬᠡᠷ ᠪᠦᠯᠢ ᠵᠢᠨ ᠬᠥᠮᠦᠨ᠎ᠤ ᠵᠢᠰᠦ ᠵᠢ ᠢᠯᠭ᠋ᠠᠨ ᠲᠠᠨᠢᠵᠤ ᠬᠢᠨᠠᠨ ᠰᠢᠯᠭ᠋ᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ

ᠨᠡᠶ᠋ᠢᠲᠡᠯᠡᠭᠰᠡᠨ ᠴᠠᠭ᠄   2026-01-15

ᠲᠥᠯᠥᠪᠯᠡᠭᠡᠲᠦ ᠦᠷᠡᠵᠢᠯ᠎ᠤᠨ ᠬᠡᠷ ᠪᠦᠯᠢ ᠵᠢ ᠱᠠᠩᠨᠠᠨ ᠲᠡᠳᠬᠦᠬᠦ ᠲᠥᠷᠥ ᠵᠢᠨ ᠪᠣᠳᠣᠯᠭ᠎ᠠ ᠵᠢ ᠪᠥᠬᠦ ᠬᠦᠴᠦᠨ ᠵᠶ᠋ᠠᠷ ᠵᠶ᠋ᠠᠨ ᠨᠠᠶ᠋ᠢᠳᠠᠪᠤᠷᠢᠵᠢᠭᠤᠯᠵᠤ᠂ ᠲᠥᠯᠥᠪᠯᠡᠭᠡᠲᠦ ᠦᠷᠡᠵᠢᠯ᠎ᠤᠨ ᠬᠡᠷ ᠪᠦᠯᠢ ᠵᠢᠨ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠭᠥᠷᠳᠡᠬᠦ ᠵᠢ ᠪᠠᠲᠤᠯᠠᠬᠤ ᠵᠢᠨ ᠲᠥᠯᠥᠭᠡ᠂ ᠣᠶ᠋ᠢᠷ᠎ᠠ᠎ᠳᠤ᠂ ᠳ᠋ᠦ᠋ ᠺᠸᠦ ᠪᠠᠯᠭ᠋ᠠᠰᠤ ᠲᠥᠯᠥᠪᠯᠡᠭᠡᠲᠦ ᠦᠷᠡᠵᠢᠯ᠎ᠤᠨ ᠱᠠᠩᠨᠠᠨ ᠲᠡᠳᠬᠦᠬᠦ ᠪᠠ ᠬᠡᠷ ᠪᠦᠯᠢ ᠵᠢ ᠣᠨᠴᠠᠭ᠋ᠠᠶ ᠲᠡᠳᠬᠦᠨ ᠳᠡᠮᠵᠢᠬᠦ ᠬᠥᠮᠦᠨ᠎ᠤ ᠵᠢᠰᠦ ᠵᠢ ᠢᠯᠭ᠋ᠠᠨ ᠲᠠᠨᠢᠵᠤ ᠬᠢᠨᠠᠨ ᠰᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠣᠯᠠᠨ ᠲᠦᠮᠡᠨ᠎ᠳᠤ ᠠᠰᠢᠭ ᠬᠦᠷᠲᠡᠭᠡᠪᠡ᠃

ᠳ᠋ᠦ᠋ ᠺᠸᠦ ᠪᠠᠯᠭ᠋ᠠᠰᠤᠨ᠎ᠤ ᠲᠥᠯᠥᠪᠯᠡᠭᠡᠲᠦ ᠦᠷᠡᠵᠢᠯ᠎ᠢ ᠭᠠᠷᠲᠠᠨ ᠭᠦᠢ᠍ᠴᠡᠳᠬᠡᠬᠦ ᠠᠵᠢᠯᠲᠠᠨ ᠱᠠᠩᠨᠠᠨ ᠲᠡᠳᠬᠦᠬᠦ᠂ ᠣᠨᠴᠠ ᠲᠡᠳᠬᠦᠬᠦ ᠠᠵᠢᠯ᠎ᠤᠨ ᠵᠢᠷᠤᠮᠵᠢᠯ᠎ᠢ ᠴᠢᠩᠭ᠎ᠠ ᠵᠢᠷᠤᠮᠯᠠᠨ᠂ ᠲᠣᠰ ᠵᠢᠯ᠎ᠤᠨ ᠬᠥᠮᠦᠨ᠎ᠤ ᠵᠢᠰᠦ ᠵᠢ ᠢᠯᠭ᠋ᠠᠨ ᠲᠠᠨᠢᠬᠤ ᠭᠡᠷᠡᠴᠢᠯᠡᠯ᠎ᠤᠨ ᠠᠵᠢᠯ᠎ᠢ ᠥᠷᠨᠢᠭᠦᠯᠵᠦ᠂ ᠪᠥᠬᠦ ᠪᠠᠯᠭ᠋ᠠᠰᠤᠨ᠎ᠤ ᠲᠥᠯᠥᠪᠯᠡᠭᠡ᠎ᠲᠠᠢ᠎ᠪᠠᠷ ᠬᠡᠤᠬᠡᠳ ᠠᠪᠤᠭᠰᠠᠨ 455 ᠬᠡᠷ ᠪᠦᠯᠢ ᠵᠢᠨ ᠱᠠᠩᠨᠠᠨ ᠲᠡᠳᠬᠦᠬᠦ ᠡᠲᠡᠭᠡᠳ᠎ᠲᠤ ᠬᠥᠮᠦᠨ᠎ᠤ ᠨᠢᠭᠤᠷ᠎ᠤᠨ ᠮᠡᠳᠡᠭᠡ ᠵᠠᠩᠭᠢ ᠵᠢ ᠴᠤᠭᠯᠠᠭᠤᠯᠤᠨ ᠬᠠᠷᠭᠤᠭᠤᠯᠤᠨ ᠪᠠᠶ᠋ᠢᠴᠠᠭ᠋ᠠᠬᠤ ᠵᠢ ᠪᠡᠶᠡᠯᠡᠭᠦᠯᠪᠡ᠃ ᠤᠲᠠᠰᠤ᠎ᠪᠠᠷ ᠮᠡᠳᠡᠭᠳᠡᠬᠦ᠂ ᠸᠢᠴᠠᠲ ᠬᠦᠷᠭᠡᠬᠦ᠂ ᠡᠷᠦᠬᠡ᠎ᠳᠤ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠬᠥᠮᠦᠨ᠎ᠤ ᠵᠢᠰᠦ ᠵᠢ ᠢᠯᠭ᠋ᠠᠨ ᠲᠠᠨᠢᠬᠤ ᠠᠵᠢᠯ᠎ᠤᠨ ᠱᠠᠭ᠋ᠠᠷᠳᠠᠯᠭ᠎ᠠ ᠵᠢ ᠡᠷᠦᠬᠡ᠎ᠳᠤ ᠬᠦᠷᠲᠡᠯ᠎ᠡ ᠤᠬᠠᠭᠤᠯᠵᠤ᠂ ᠬᠥᠮᠦᠨ᠎ᠳᠤ ᠮᠡᠳᠡᠭᠳᠡᠬᠦ ᠬᠡᠷᠡᠭᠲᠡᠶ; ᠲᠣᠰ ᠭᠠᠵᠠᠷ᠎ᠤᠨ ᠱᠠᠩᠨᠠᠨ ᠲᠡᠳᠬᠦᠬᠦ ᠣᠨᠴᠠ ᠲᠡᠳᠬᠦᠬᠦ ᠡᠲᠡᠭᠡᠳ᠎ᠢ ᠨᠢᠭᠤᠷᠲᠠᠨ ᠬᠢᠨᠠᠨ ᠬᠠᠷᠭᠤᠭᠤᠯᠵᠤ᠂ ᠣᠨᠳᠣᠤ ᠭᠠᠵᠠᠷ᠎ᠤᠨ ᠣᠷᠣᠰᠢᠨ ᠰᠠᠭᠤᠬᠤ ᠡᠲᠡᠭᠡᠳ᠎ᠢ ᠴᠠᠭ ᠲᠤᠬᠠᠶ᠎ᠳᠤᠨᠢ ᠬᠠᠷᠠᠭ᠋ᠠᠨ ᠳᠠᠪᠲᠠᠮᠵᠢ᠎ᠪᠠᠷ ᠢᠯᠭ᠋ᠠᠨ ᠲᠠᠨᠢᠬᠤ ᠬᠢᠨᠠᠨ ᠰᠢᠯᠭ᠋ᠠᠬᠤ ᠵᠢ ᠪᠡᠶᠡᠯᠡᠭᠦᠯᠦᠨ᠎ᠡ᠃ ᠠᠵᠢᠯ᠎ᠤᠨ ᠶᠠᠪᠤᠴᠠ᠎ᠳᠤ᠂ ᠮᠠᠨ᠎ᠤ ᠪᠠᠯᠭ᠋ᠠᠰᠤᠨ᠎ᠤ ᠡᠯ᠎ᠡ ᠲᠣᠰᠬᠤᠨ᠎ᠤ ᠡᠷᠡᠭᠦᠯ ᠬᠠᠮᠠᠭ᠋ᠠᠯᠠᠯ ᠪᠠ ᠲᠥᠯᠥᠪᠯᠡᠭᠡᠲᠦ ᠦᠷᠡᠵᠢᠯ᠎ᠤᠨ ᠡᠷᠬᠢᠯᠡᠭᠴᠢ ᠲᠡᠳᠬᠦᠨ ᠳᠡᠮᠵᠢᠬᠦ ᠬᠥᠮᠦᠰ᠎ᠤᠨ ᠠᠮᠢᠳᠤᠷᠠᠯ᠎ᠤᠨ ᠣᠶ᠋ᠢᠷ᠎ᠠ ᠵᠢᠨ ᠪᠠᠶ᠋ᠢᠳᠠᠯ᠎ᠢ ᠬᠦᠯᠢᠴᠡᠩᠭᠦᠢ᠎ᠪᠠᠷ ᠯᠠᠪᠯᠠᠨ ᠠᠰᠠᠭᠤᠵᠤ᠂ ᠱᠠᠩᠨᠠᠯ᠎ᠤᠨ ᠲᠡᠳᠬᠦᠮᠵᠢ ᠵᠢᠨ ᠮᠥᠩᠭᠦ ᠠᠪᠬᠤ ᠬᠥᠮᠦᠨ᠎ᠤ ᠡᠷᠡᠭᠦᠯ ᠮᠡᠨᠳᠦ ᠵᠢᠨ ᠪᠠᠶ᠋ᠢᠳᠠᠯ᠎ᠢ ᠳᠠᠬᠢᠨ ᠳᠠᠪᠲᠠᠨ ᠨᠤᠲᠠᠯᠠᠵᠤ᠂ ᠬᠢᠨᠠᠨ ᠬᠠᠷᠭᠤᠭᠤᠯᠬᠤ ᠡᠲᠡᠭᠡᠳ ᠨᠢᠭᠡᠪᠦᠷᠢ ᠵᠢᠨ ᠪᠣᠳᠠᠲᠠᠶ ᠪᠠᠶ᠋ᠢᠳᠠᠯ᠎ᠢ ᠨᠠᠷᠢᠨ ᠬᠢᠨᠠᠮᠠᠭ᠋ᠠᠶ ᠳᠠᠩᠰᠠᠯᠠᠵᠤ᠂ ᠬᠥᠮᠦᠨ᠎ᠤ ᠵᠢᠰᠦ ᠵᠢ ᠢᠯᠭ᠋ᠠᠨ ᠲᠠᠨᠢᠬᠤ ᠠᠵᠢᠯ᠎ᠢ ᠨᠠᠷᠢᠯᠢᠭ ᠣᠨᠣᠴᠠᠲᠠᠶ ᠪᠥᠭᠡᠳ ᠠᠯᠳᠠᠭ᠎ᠠ ᠪᠤᠷᠤᠭᠤ ᠥᠬᠡᠶ᠂ ᠤᠷᠤᠭᠰᠢᠲᠠᠶ ᠠᠬᠢᠭᠤᠯᠬᠤ ᠵᠢ ᠦᠨᠡᠨ ᠬᠦ᠌ ᠪᠠᠲᠤᠯᠠᠪᠠ᠃

ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠠᠷᠠᠳ᠎ᠤᠨ ᠠᠮᠢᠳᠤᠷᠠᠯ᠎ᠢ ᠣᠯᠭᠤᠵᠤ᠂ ᠦᠢ᠍ᠯᠡᠴᠢᠯᠡᠭᠡ᠎ᠨᠢ ᠬᠥᠮᠦᠰ᠎ᠤᠨ ᠰᠡᠳᠬᠢᠯ᠎ᠢ ᠳᠤᠯᠠᠭ᠋ᠠᠴᠠᠭᠤᠯᠤᠨ᠎ᠠ᠃ ᠣᠳᠣᠬᠠᠨ᠎ᠳᠤ ᠮᠠᠨ᠎ᠤ ᠪᠠᠯᠭ᠋ᠠᠰᠤ 《ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠰᠢᠰᠲ᠋ᠧᠮ᠎ᠢ ᠳᠡᠰ ᠳᠡᠪᠰᠢᠭᠦᠯᠬᠦ ᠠᠵᠠ ᠲᠣᠬᠢᠶᠠᠯ᠎ᠳᠤ ᠲᠦᠰᠢᠭᠯᠡᠨ᠂ AI ᠬᠥᠮᠦᠨ᠎ᠤ ᠵᠢᠰᠦ ᠵᠢ ᠢᠯᠭ᠋ᠠᠨ ᠲᠠᠨᠢᠬᠤ ᠮᠡᠷᠭᠡᠵᠢᠯ᠎ᠢ ᠱᠠᠩᠨᠠᠨ ᠲᠡᠳᠬᠦᠬᠦ ᠣᠨᠴᠠ ᠲᠡᠳᠬᠦᠬᠦ ᠪᠠᠶ᠋ᠢᠭᠤᠯᠤᠯᠲᠠ ᠵᠢᠨ ᠠᠵᠢᠯ᠎ᠳᠤ ᠪᠥᠬᠦ ᠲᠠᠯ᠎ᠠ᠎ᠪᠠᠷ ᠬᠡᠷᠡᠭᠯᠡᠵᠦ ᠪᠠᠶ᠋ᠢᠨ᠎ᠠ᠃ ᠲᠣᠰ ᠭᠡᠷᠡᠴᠢᠯᠡᠯ᠎ᠤᠨ ᠠᠷᠭ᠎ᠠ ᠮᠠᠶᠢᠭ᠎ᠤᠨ ᠠᠵᠢᠯᠯᠠᠭ᠎ᠠ᠎ᠨᠢ ᠲᠥᠬᠦᠮ ᠪᠠᠶ᠋ᠢᠵᠤ᠂ ᠨᠠᠰᠤᠲᠠᠶ᠋ᠢᠴᠤᠳ ᠴᠤ᠌ ᠠᠮᠠᠷᠬᠠᠨ ᠡᠵᠡᠮᠰᠢᠵᠦ ᠳᠡᠶ᠋ᠢᠯᠦᠨ᠎ᠡ᠄ ᠵᠥᠪᠬᠡᠨ ᠸᠢᠴᠠᠲ᠎ᠢ ᠨᠡᠭᠡᠭᠡᠵᠦ᠂ ᠠᠯᠪᠠᠨ᠎ᠤ ᠵᠢᠵᠢᠭ ᠫᠷᠤᠭ᠌ᠷᠠᠮ᠎ᠤᠨ ᠬᠤᠶᠠᠷ ᠬᠡᠮᠵᠢᠯᠳᠦ ᠺᠣᠳ᠋᠎ᠢ ᠰᠢᠷᠪᠢᠵᠦ᠂ ᠰᠠᠨᠠᠭᠤᠯᠤᠮᠵᠢ ᠵᠢᠨ ᠶᠣᠰᠣᠭ᠋ᠠᠷ ᠬᠥᠮᠦᠨ᠎ᠤ ᠵᠢᠰᠦ ᠵᠢ ᠢᠯᠭ᠋ᠠᠨ ᠲᠠᠨᠢᠵᠤ᠂ ᠣᠬᠤᠷᠬᠠᠨ ᠬᠡᠳᠦᠨ ᠠᠯᠬᠤᠮ ᠵᠶ᠋ᠠᠷ ᠭᠡᠷᠡᠴᠢᠯᠡᠯ᠎ᠢ ᠪᠡᠶᠡᠯᠡᠭᠦᠯᠵᠦ᠂ ᠪᠥᠬᠦ ᠶᠠᠪᠤᠴᠠ ᠵᠢ 3 ᠮᠢᠨᠦ᠋ᠲ᠎ᠠᠴᠠ ᠬᠡᠲᠦᠷᠡᠭᠦᠯᠵᠦ ᠪᠣᠯᠬᠤ ᠥᠬᠡᠶ᠃ ᠠᠵᠢᠯᠯᠠᠭᠤᠯᠵᠤ ᠴᠢᠳᠠᠬᠤ ᠦᠭᠡᠢ ᠨᠠᠰᠤᠲᠠᠨ᠎ᠢ ᠭᠡᠷ᠎ᠤᠨ ᠬᠥᠮᠦᠰ᠎ᠠᠴᠠ ᠬᠠᠪᠰᠤᠷᠤᠨ ᠠᠵᠢᠯᠯᠠᠭᠤᠯᠵᠤ᠂ ᠡᠰᠡᠬᠦᠯ᠎ᠡ ᠲᠣᠰᠬᠤᠨ᠎ᠤ ᠨᠢᠭᠡᠳᠦᠯ᠎ᠤᠨ ᠠᠵᠢᠯᠲᠠᠨ᠎ᠲᠠᠢ ᠬᠠᠷᠢᠯᠴᠠᠵᠤ ᠠᠯᠤᠰ᠎ᠠᠴᠠ ᠵᠢᠯᠤᠭᠤᠳᠤᠯᠭ᠎ᠠ ᠬᠠᠩᠭ᠋ᠠᠵᠤ᠂ ᠣᠨᠳᠣᠣ ᠭᠠᠵᠠᠷ᠎ᠲᠤ ᠰᠠᠭᠤᠵᠤ ᠪᠠᠶ᠋ᠢᠭ᠎ᠠ ᠡᠲᠡᠭᠡᠳ᠎ᠤᠨ 《ᠭᠡᠷ᠎ᠠᠴᠠ᠎ᠪᠠᠨ ᠭᠠᠷᠬᠤ ᠦᠭᠡᠢ᠎ᠪᠠᠷ ᠠᠯᠤᠰ᠎ᠠᠴᠠ ᠭᠦᠢ᠍ᠴᠡᠳᠬᠡᠬᠦ》 ᠵᠢ ᠦᠨᠡᠨᠬᠦ ᠪᠡᠶᠡᠯᠡᠭᠦᠯᠬᠦ ᠬᠡᠷᠡᠭᠲᠡᠢ᠃

ᠲᠣᠰ ᠤᠳᠠᠭ᠋ᠠᠨ᠎ᠤ ᠭᠡᠷᠡᠴᠢᠯᠡᠯ᠎ᠤᠨ ᠠᠵᠢᠯ᠎ᠨᠢ ᠺᠠᠳ᠋ᠷ ᠣᠯᠠᠨ ᠲᠦᠮᠡᠨ᠎ᠤ ᠬᠤᠭᠤᠷᠣᠨᠳᠣᠬᠢ ᠵᠠᠶ ᠵᠢ ᠪᠦᠲᠦᠮᠵᠢᠲᠡᠶ ᠣᠶ᠋ᠢᠷᠠᠲᠤᠭᠤᠯᠬᠤ᠎ᠪᠠᠷ ᠪᠠᠷᠠᠬᠤ ᠥᠬᠡᠶ᠂ ᠲᠥᠯᠥᠪᠯᠡᠭᠡᠲᠦ ᠦᠷᠡᠵᠢᠯ᠎ᠤᠨ ᠣᠨᠴᠠ ᠲᠡᠳᠬᠦᠮᠵᠢ ᠵᠢᠨ ᠬᠡᠷ ᠪᠦᠯᠢ᠎ᠳᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠠᠯᠠᠮᠵᠢᠯᠠᠯ ᠪᠠ ᠬᠠᠶ᠋ᠢᠷ᠎ᠠ ᠬᠠᠯᠠᠮᠵᠢ ᠵᠢ ᠨᠠᠩ ᠢᠯᠡᠭᠦᠤ ᠳᠠᠮᠵᠢᠭᠤᠯᠵᠤ᠂ ᠳ᠋ᠦ᠋ ᠺᠸᠦ ᠪᠠᠯᠭ᠋ᠠᠰᠤᠨ᠎ᠤ ᠲᠥᠯᠥᠪᠯᠡᠭᠡᠲᠦ ᠦᠷᠡᠵᠢᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠦᠨᠡᠨ ᠬᠦ᠌ ᠳᠥᠯᠭᠢᠨ ᠠᠬᠢᠭᠤᠯᠪᠠ᠃ ᠳᠠᠷᠠᠭ᠋ᠠᠴᠢ ᠵᠢᠨ ᠠᠯᠬᠤᠮ᠎ᠳᠤ᠂ ᠳ᠋ᠦ᠋ ᠺᠸᠤ ᠪᠠᠯᠭ᠋ᠠᠰᠤ ᠵᠢᠨ᠎ᠬᠢᠨ ᠲᠥᠯᠥᠪᠯᠡᠭᠡᠲᠦ ᠦᠷᠡᠵᠢᠯ᠎ᠢ ᠱᠠᠩᠨᠠᠵᠤ ᠣᠨᠴᠠᠭ᠋ᠠᠢ ᠲᠡᠳᠬᠦᠵᠦ ᠪᠠᠶ᠋ᠢᠭ᠎ᠠ ᠭᠡᠷ ᠪᠦᠯᠢ ᠵᠢ ᠬᠠᠯᠠᠮᠵᠢᠯᠠᠨ ᠲᠡᠳᠬᠦᠬᠦ ᠠᠵᠢᠯ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠲᠥᠯᠥᠪᠯᠡᠭᠡᠲᠦ ᠦᠷᠡᠵᠢᠯ᠎ᠢ ᠱᠠᠩᠨᠠᠵᠤ ᠣᠨᠴᠠᠭ᠋ᠠᠢ ᠲᠡᠳᠬᠦᠵᠦ ᠪᠠᠶ᠋ᠢᠭ᠎ᠠ ᠭᠡᠷ ᠪᠦᠯᠢ᠎ᠳᠤ ᠡᠯ᠎ᠡ ᠲᠦᠷᠦᠯ᠎ᠤᠨ ᠬᠠᠪᠰᠤᠷᠤᠨ ᠲᠡᠳᠬᠦᠬᠦ ᠦᠢ᠍ᠯᠡᠴᠢᠯᠡᠭᠡ ᠬᠠᠩᠭ᠋ᠠᠵᠤ᠂ ᠬᠠᠶ᠋ᠢᠷ᠎ᠠ ᠬᠠᠯᠠᠮᠵᠢ ᠪᠣᠯᠤᠨ ᠬᠦᠴᠦᠨ᠎ᠢ ᠳᠠᠮᠵᠢᠭᠤᠯᠵᠤ᠂ ᠣᠨᠴᠠᠭ᠋ᠠᠢ ᠭᠡᠷ ᠪᠦᠯᠢ ᠵᠢᠨ ᠪᠦᠷᠢᠯᠳᠦᠬᠦᠨ᠎ᠤ ᠳᠣᠲᠣᠨᠣ 《ᠦᠢ᠍ᠯᠡᠴᠢᠯᠡᠭᠡᠨ᠎ᠤ ᠴᠡᠷᠢᠭ》 ᠪᠣᠯᠬᠤ ᠪᠣᠯᠤᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ