ᠪᠠᠶᠠᠨᠨᠠᠭᠤᠷ ᠬᠤᠲᠠ ᠵᠢᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-12-18
ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ ᠢ ᠦᠨᠳᠦᠰᠦᠯᠡᠨ᠂ ᠡᠳᠦᠭᠡ 《ᠪᠠᠶᠠᠨᠨᠠᠭᠤᠷ ᠬᠤᠲᠠ ᠵᠢᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ ᠤ ᠲᠥᠰᠦᠯ (2021 - 2027 ᠣᠨ)》 (ᠪᠠᠶᠠᠨᠨᠠᠭᠤᠷ ᠵᠠᠰᠠᠭ ᠲᠠᠷᠬᠠᠭ᠋ᠠᠭᠰᠠᠨ[2020] 14 ᠳ᠋ᠦ᠍ᠭᠡᠷ ᠲᠣᠭ᠋ᠠᠲᠤ) ᠤᠨ ᠬᠤᠯᠪᠣᠭᠳᠠᠯ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠪᠠ᠂ ᠡᠳᠦᠭᠡ ᠵᠠᠰᠠᠪᠤᠷᠢ ᠣᠷᠣᠭᠤᠯᠬᠤ ᠬᠡᠪᠯᠡᠯ ᠤᠨ ᠲᠥᠰᠦᠯ ᠤᠨ ᠠᠭᠤᠯᠭ᠎ᠠ ᠵᠢᠨ ᠲᠤᠬᠠᠶ ᠳᠣᠤᠷᠠᠬᠢ ᠮᠡᠲᠦ ᠲᠠᠶ᠋ᠢᠯᠤᠮᠵᠢ ᠬᠢᠪᠠ᠃
ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
ᠪᠠᠶᠠᠨᠨᠠᠭᠤᠷ ᠪᠣᠯ ᠳᠡᠯᠡᠬᠡᠶ ᠵᠢᠨ ᠭᠤᠷᠪᠠᠨ ᠶᠡᠭᠡ ᠴᠢᠨᠠᠷ ᠰᠠᠶ᠋ᠢᠲᠠᠶ ᠪᠣᠭᠤᠳᠠᠶ ᠵᠢᠨ ᠭᠠᠷᠤᠯᠲᠠ ᠵᠢᠨ ᠭᠠᠵᠠᠷ ᠤᠨ ᠨᠢᠭᠡ ᠪᠣᠯᠤᠨ᠎ᠠ᠂ ᠪᠥᠬᠦ ᠤᠯᠤᠰ ᠤᠨ ᠬᠠᠮᠤᠭ ᠤᠨ ᠲᠣᠮᠣ ᠣᠷᠭ᠋ᠠᠨᠢᠭ ᠲᠦᠭᠦᠬᠡᠶ ᠰᠦ᠂ ᠨᠡᠷᠡᠨ ᠬᠤᠸᠠᠷ ᠤᠨ ᠦᠷ᠎ᠡ᠂ ᠤᠰᠤ ᠦᠭᠡᠶ᠋ᠢᠳᠡᠭᠦᠯᠦᠭᠰᠡᠨ ᠨᠣᠭᠤᠭ᠎ᠠ ᠵᠢᠨ ᠦᠢ᠍ᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠂ ᠪᠥᠬᠦ ᠤᠯᠤᠰ ᠤᠨ ᠬᠤᠶᠠᠳᠤᠭ᠋ᠠᠷ ᠲᠣᠮᠣ ᠲᠥᠪᠡᠳ ᠬᠠᠰᠢ ᠵᠢᠨ ᠲᠦᠭᠦᠬᠡᠶ ᠮᠠᠲ᠋ᠧᠷᠢᠶᠠᠯ ᠦᠢ᠍ᠯᠡᠳᠪᠦᠷᠢᠯᠡᠬᠦ ᠪᠠ ᠲᠥᠪᠡᠳ ᠬᠠᠰᠢ ᠵᠢᠨ ᠪᠦᠲᠦᠭᠡᠭᠳᠡᠬᠦᠨ ᠡᠳ᠋ᠰᠢᠭᠦᠯᠬᠦ ᠰᠠᠭᠤᠷᠢᠨ ᠭᠠᠵᠠᠷ ᠪᠣᠯᠤᠨ᠎ᠠ᠂ ᠪᠥᠬᠦ ᠤᠯᠤᠰ ᠤᠨ ᠲᠤᠰᠬᠠᠶ ᠣᠷᠣᠨ ᠤ ᠲᠠᠰ ᠤᠨ ᠬᠤᠲᠠ ᠳᠠᠬᠢ ᠳᠥᠷᠪᠡᠨ ᠤᠯᠠᠷᠢᠯ ᠳᠤ ᠲᠡᠩᠴᠡᠭᠦᠷᠢᠲᠡᠶ ᠭᠠᠷᠭ᠋ᠠᠬᠤ ᠬᠡᠮᠵᠢᠶ᠎ᠡ ᠪᠠᠷ ᠬᠠᠮᠤᠭ ᠤᠨ ᠶᠡᠭᠡ ᠠᠯᠠᠰᠢᠨ ᠬᠤᠨᠢ ᠲᠡᠵᠢᠭᠡᠨ ᠦᠷᠡᠵᠢᠭᠦᠯᠬᠦ ᠡᠳ᠋ᠰᠢᠭᠦᠯᠬᠦ ᠰᠠᠭᠤᠷᠢᠨ ᠭᠠᠵᠠᠷ ᠪᠣᠯᠤᠨ᠎ᠠ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ ᠢ ᠬᠥᠭᠵᠢᠭᠦᠯᠬᠦ ᠰᠠᠶ᠋ᠢᠨ ᠰᠠᠭᠤᠷᠢ ᠵᠢ ᠪᠦᠷᠢᠯᠳᠦᠭᠦᠯᠵᠦ᠂ ᠠᠵᠤ ᠦᠢ᠍ᠯᠡᠰ ᠤᠨ ᠬᠥᠭᠵᠢᠯᠲᠡ ᠵᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ ᠲᠣᠰ ᠲᠥᠰᠦᠯ ᠢ ᠲᠣᠭᠲᠠᠭ᠋ᠠᠪᠠ᠃
ᠬᠣᠶᠠᠷ᠂ ᠶᠡᠷᠦᠩᠬᠡᠶ ᠰᠡᠳᠬᠢᠴᠡ
ᠥᠪᠡᠷᠲᠡᠭᠡᠨ ᠵᠠᠰᠠᠬᠤ ᠣᠷᠣᠨᠤ ᠬᠣᠯᠪᠣᠭᠳᠠᠯ ᠪᠦᠬᠦᠢ ᠠᠵᠢᠯ ᠤᠨ ᠪᠠᠢ᠍ᠷᠢᠯᠠᠭᠤᠯᠤᠯᠲᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷᠢ ᠪᠠᠲᠤ ᠪᠡᠬᠢ ᠪᠣᠢ ᠪᠣᠯᠭ᠋ᠠᠬᠤ ᠲᠣᠭᠣᠷᠢᠨ ᠳᠤ᠂ ᠪᠠᠶᠠᠨᠨᠠᠭᠤᠷ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ ᠲᠤ ᠰᠠᠭᠤᠷᠢᠯᠠᠨ᠂ ᠠᠵᠤ ᠦᠢ᠍ᠯᠡᠰ ᠤᠨ ᠬᠥᠭᠵᠢᠯᠲᠡ ᠵᠢᠨ ᠳᠤᠮᠳᠠᠬᠢ ᠠᠰᠠᠭᠤᠳᠠᠯ ᠳᠤ ᠴᠢᠭᠯᠡᠭᠦᠯᠦᠨ᠂ 《ᠠᠮᠤ ᠪᠤᠳᠠᠭ᠎ᠠ ᠲᠦᠷᠦᠭᠦᠦ ᠢᠳᠡᠭᠡᠨ ᠰᠡᠭᠦᠯ》᠂ 《 ᠮᠠᠯ ᠠᠵᠤ ᠠᠬᠤᠢ ᠲᠦᠷᠦᠭᠦᠦ ᠠᠵᠤ ᠦᠢ᠍ᠯᠡᠳᠪᠦᠷᠢ ᠵᠢᠨ ᠰᠡᠭᠦᠯ》᠂ 《ᠲᠠᠷᠢᠶᠠᠯᠠᠩ ᠤᠨ ᠠᠵᠤ ᠦᠢ᠍ᠯᠡᠳᠪᠦᠷᠢ ᠵᠢᠨ ᠲᠦᠷᠦᠭᠦᠦ ᠪᠠ ᠠᠵᠤ ᠦᠢ᠍ᠯᠡᠳᠪᠦᠷᠢ ᠵᠢᠨ ᠰᠡᠭᠦᠯ》 ᠳᠡᠭᠡᠷ᠎ᠡ ᠬᠦᠴᠦ ᠲᠠᠯᠪᠢᠬᠤ ᠬᠡᠷᠡᠭᠲᠡᠢ᠃ ᠳᠠᠪᠠᠭᠤᠯᠢᠭ ᠵᠶ᠋ᠠᠨ ᠪᠠᠳᠠᠷᠠᠭᠤᠯᠬᠤ ᠪᠠ ᠳᠤᠲᠠᠭᠤᠳᠠᠯ ᠵᠶ᠋ᠠᠨ ᠨᠥᠬᠦᠪᠥᠷᠢᠯᠡᠬᠦ ᠵᠢ ᠨᠢᠭᠡᠳᠦᠯᠲᠡᠶ ᠲᠥᠯᠥᠪᠵᠢᠭᠦᠯᠵᠦ᠂ ᠠᠵᠤ ᠦᠢ᠍ᠯᠡᠰ ᠤᠨ ᠬᠥᠭᠵᠢᠯᠲᠡ ᠵᠢᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠯᠡᠭᠡᠨ ᠤ ᠬᠠᠨᠳᠤᠰᠢ ᠳᠤ ᠲᠦᠰᠢᠭᠯᠡᠨ᠂ ᠮᠠᠨ ᠤ ᠬᠤᠲᠠ ᠵᠢᠨ ᠳᠠᠪᠠᠭᠤᠯᠢᠭ ᠠᠵᠤ ᠦᠢ᠍ᠯᠡᠰ ᠢ ᠳᠣᠪᠤᠶ᠋ᠢᠯᠭ᠋ᠠᠵᠤ᠂ ᠪᠣᠭᠤᠳᠠᠶ᠂ ᠡᠷᠳᠡᠨᠢ ᠰᠢᠰᠢ᠂ ᠨᠡᠷᠡᠨ ᠬᠤᠸᠠᠷ᠂ ᠯᠠᠵᠤᠤ᠂ ᠮᠢᠬᠠᠨ ᠤ ᠪᠦᠲᠦᠭᠡᠭᠳᠡᠬᠦᠨ᠂ ᠴᠠᠭ᠋ᠠᠨ ᠢᠳᠡᠭᠡᠨ᠂ ᠬᠢᠲᠠᠳ ᠡᠮ ᠤᠨ ᠮᠠᠲ᠋ᠧᠷᠢᠶᠠᠯ ᠵᠢᠴᠢ ᠵᠢᠮᠢᠰ ᠢᠳᠡᠰᠢᠨ ᠨᠣᠭᠤᠭ᠎ᠠ ᠪᠠ ᠠᠷᠢᠬᠢᠨ ᠤ ᠲᠥᠷᠥᠯ ᠤᠨ ᠪᠦᠲᠦᠭᠡᠭᠳᠡᠬᠦᠨ ᠵᠡᠷᠭᠡ 8 ᠲᠥᠷᠥᠯ ᠵᠦᠢ᠍ᠯ ᠤᠨ ᠲᠠᠷᠢᠶᠠᠯᠠᠩ ᠤᠨ ᠲᠤᠰᠠᠯᠠᠬᠤ ᠢᠳᠡᠭᠡᠨ ᠡᠳ᠋ᠰᠢᠭᠦᠯᠬᠦ ᠵᠢ ᠭᠤᠤᠯᠯᠠᠨ ᠰᠢᠪᠲᠤᠯᠵᠤ᠂ ᠡᠵᠡᠩᠨᠡᠯᠲᠡ ᠵᠢᠨ ᠭᠤᠤᠯ ᠴᠣᠭᠴᠠ ᠵᠢ ᠣᠷᠣᠭᠤᠯᠤᠨ ᠠᠪᠴᠢᠷᠠᠵᠤ ᠪᠤᠶ᠋ᠢᠵᠢᠭᠤᠯᠬᠤ᠂ ᠠᠵᠤ ᠦᠢ᠍ᠯᠡᠰ ᠤᠨ ᠬᠡᠯᠬᠢᠶ᠎ᠡ ᠵᠢ ᠤᠷᠲᠤᠳᠬᠠᠬᠤ᠂ ᠢᠵᠢ ᠪᠥᠷᠢᠳᠦᠭᠦᠯᠬᠦ ᠦᠢ᠍ᠯᠡᠴᠢᠯᠡᠭᠡ ᠵᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠬᠡᠪᠴᠢᠶᠡᠵᠢᠯᠲᠡ᠂ ᠠᠵᠤ ᠦᠶ᠋ᠢᠯᠡᠰᠵᠢᠯᠲᠡ᠂ ᠨᠠᠷᠠᠲᠤ ᠲᠡᠮᠳᠡᠭᠵᠢᠯᠲᠡ ᠪᠠ ᠰᠢᠶᠠᠨ ᠤ ᠬᠡᠪᠴᠢᠶᠡᠨ ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃
ᠭᠤᠷᠪᠠ᠂ ᠭᠤᠣᠯ ᠬᠠᠷᠠᠯᠲᠠ
2027 ᠣᠨ ᠪᠣᠯᠬᠤ ᠳᠤ᠂ ᠮᠠᠨ ᠤ ᠬᠤᠲᠠ ᠵᠢᠨ ᠲᠠᠷᠢᠶᠠᠯᠠᠩ ᠲᠤᠰᠠᠯᠠᠬᠤ ᠠᠵᠤ ᠠᠬᠤᠶ ᠡᠳ᠋ᠰᠢᠭᠦᠯᠬᠦ ᠦᠢ᠍ᠯᠡᠰ ᠤᠨ ᠬᠡᠪᠴᠢᠶ᠎ᠡ ᠤᠯᠠᠮ ᠨᠢᠭᠡ ᠠᠯᠬᠤᠮ ᠪᠤᠵᠠᠭ᠋ᠠᠶ᠋ᠢᠷᠠᠵᠤ᠂ ᠠᠵᠤ ᠦᠢ᠍ᠯᠡᠰ ᠤᠨ ᠪᠠᠶ᠋ᠢᠷᠢᠰᠢᠭᠤᠯᠤᠯᠲᠠ ᠪᠠ ᠪᠦᠲᠦᠴᠡ ᠦᠷᠭᠦᠯᠵᠢᠯᠡᠨ ᠰᠢᠯᠢᠳᠡᠭᠵᠢᠵᠦ᠂ ᠵᠢᠯ ᠤᠨ ᠪᠣᠷᠣᠯᠠᠭᠤᠯᠤᠯᠲᠠ ᠵᠢᠨ ᠣᠷᠣᠯᠭ᠎ᠠ 10 ᠳ᠋ᠦᠩᠰᠢᠭᠤᠷ ᠲᠥᠭᠦᠷᠢᠭ ᠢ ᠳᠠᠪᠠᠭᠰᠠᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠠᠵᠤ ᠠᠬᠤᠶ᠋ᠢᠯᠠᠯ ᠢ 2 ᠠᠴᠠ ᠳᠡᠭᠡᠭᠰᠢ᠂ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶ᠋ᠢᠯᠠᠯ ᠢ 5 ᠠᠴᠠ ᠳᠡᠭᠡᠭᠰᠢ ᠰᠢᠨ᠎ᠡ ᠪᠠᠷ ᠪᠤᠶ᠋ᠢᠵᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ ᠢ ᠢᠯᠡᠳᠲᠡ ᠴᠢᠩᠭ᠋ᠠᠷᠠᠭᠤᠯᠵᠤ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠵᠢ ᠶᠡᠭᠡ ᠪᠠᠷ ᠳᠡᠭᠡᠭᠰᠢᠯᠡᠭᠦᠯᠵᠦ᠂ ᠡᠳ᠋ᠰᠢᠭᠦᠯᠬᠦ ᠠᠵᠤ ᠠᠬᠤᠶ᠋ᠢᠯᠠᠯ ᠤᠨ ᠪᠣᠷᠣᠯᠠᠭᠤᠯᠤᠯᠲᠠ ᠵᠢᠨ ᠣᠷᠣᠯᠭ᠎ᠠ ᠵᠢ 80 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ 350 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶ᠋ᠢᠨᠠ᠃
ᠳᠥᠷᠪᠡ᠂ ᠭᠤᠤᠯᠳᠠᠯᠭᠠᠲᠠᠢ ᠡᠭᠦᠷᠭᠡ
(ᠨᠢᠭᠡ)ᠡᠵᠡᠩᠨᠡᠯᠲᠡ ᠵᠢᠨ ᠭᠤᠤᠯ ᠴᠣᠭᠴᠠ ᠵᠢᠨ ᠰᠢᠯᠢᠳᠡᠭ ᠢ ᠪᠤᠶ᠋ᠢᠵᠢᠭᠤᠯᠬᠤ ᠪᠠ ᠪᠥᠬᠦ ᠬᠡᠯᠬᠢᠶᠡᠲᠦ ᠥᠷᠲᠡᠭ ᠢ ᠨᠡᠮᠡᠭᠳᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠎ᠡ
ᠮᠠᠨ ᠤ ᠬᠤᠲᠠ ᠵᠢᠨ 11 ᠵᠤᠷᠪᠤᠰ ᠲᠠᠷᠢᠶᠠᠯᠠᠩ ᠮᠠᠯ ᠠᠵᠤ ᠠᠬᠤᠶ ᠵᠢᠨ ᠭᠤᠤᠯᠳᠠᠯᠭ᠎ᠠ ᠲᠠᠢ ᠠᠵᠤ ᠦᠢ᠍ᠯᠡᠰ ᠤᠨ ᠬᠡᠯᠬᠢᠶ᠎ᠡ ᠵᠢᠨ ᠲᠣᠭᠤᠷᠢᠨ ᠳᠤ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠬᠦᠷᠢᠶ᠎ᠡ ᠬᠡᠪᠴᠢᠶ᠎ᠡ ᠵᠢᠴᠢ ᠠᠵᠤ ᠦᠢ᠍ᠯᠡᠰ ᠤᠨ ᠬᠡᠯᠬᠢᠶ᠎ᠡ ᠵᠢᠨ ᠳᠡᠭᠡᠳᠦ ᠳᠣᠤᠷᠠᠳᠤ ᠤᠷᠤᠰᠬᠠᠯ ᠤᠨ ᠳᠤᠲᠠᠭᠤᠳᠠᠯ ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ ᠤᠨ ᠳᠣᠲᠣᠭ᠋ᠠᠳᠤ ᠭᠠᠳᠠᠭ᠋ᠠᠳᠤ ᠵᠢᠨ ᠳᠠᠪᠠᠭᠤᠯᠢᠭ ᠠᠵᠤ ᠠᠬᠤᠶ᠋ᠢᠯᠠᠯ ᠲᠠᠢ ᠰᠠᠨᠠᠭ᠋ᠠᠴᠢᠯᠠᠭᠠ ᠠᠴᠠ ᠪᠠᠨ ᠵᠣᠯᠭ᠋ᠠᠭᠤᠯᠵᠤ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶ᠋ᠢᠯᠠᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠨᠠᠷᠢᠯᠢᠭ ᠡᠳ᠋ᠰᠢᠭᠦᠯᠬᠦ᠂ ᠨᠠᠷᠠᠲᠤ ᠲᠡᠮᠳᠡᠭᠲᠦ ᠵᠢᠨ ᠪᠥᠲᠥᠭᠡᠨ ᠪᠠᠶ᠋ᠢᠭᠤᠯᠤᠯᠲᠠ ᠬᠢᠭᠡᠳ ᠡᠵᠡᠩᠨᠡᠨ ᠪᠣᠷᠣᠯᠠᠭᠤᠯᠬᠤ᠂ ᠬᠦᠢ᠍ᠲᠡᠨ ᠬᠡᠯᠬᠢᠶᠡᠲᠦ ᠪᠠᠷᠠᠭ᠋ᠠᠨ ᠤ ᠭᠦᠢ᠍ᠯᠭᠡᠭᠡ ᠬᠢᠭᠡᠳ ᠬᠥᠮᠥᠷᠭᠡᠯᠡᠨ ᠬᠠᠳᠠᠭ᠋ᠠᠯᠠᠬᠤ ᠵᠡᠷᠭᠡ ᠬᠦᠷᠢᠶᠡᠨ ᠳᠠᠬᠢ ᠴᠢᠨᠠᠷ ᠰᠠᠶ᠋ᠢᠲᠠᠶ ᠲᠥᠷᠥᠯ ᠵᠦᠢ᠍ᠯ ᠢ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠵᠢ 《ᠠᠮᠤ ᠪᠤᠳᠠᠭ᠎ᠠ ᠲᠦᠷᠦᠭᠦᠦ ᠢᠳᠡᠭᠡᠨ ᠰᠡᠭᠦᠯ》᠂ 《 ᠮᠠᠯ ᠠᠵᠤ ᠠᠬᠤᠢ ᠲᠦᠷᠦᠭᠦᠦ ᠠᠵᠤ ᠦᠢ᠍ᠯᠡᠳᠪᠦᠷᠢ ᠵᠢᠨ ᠰᠡᠭᠦᠯ》᠂《ᠲᠠᠷᠢᠶᠠᠯᠠᠩ ᠤᠨ ᠠᠵᠤ ᠦᠢ᠍ᠯᠡᠳᠪᠦᠷᠢ ᠵᠢᠨ ᠲᠦᠷᠦᠭᠦᠦ ᠪᠠ ᠠᠵᠤ ᠦᠢ᠍ᠯᠡᠳᠪᠦᠷᠢ ᠵᠢᠨ ᠰᠡᠭᠦᠯ》 ᠵᠢᠨ ᠬᠤᠪᠢᠷᠠᠭᠤᠯᠤᠯᠲᠠ ᠵᠢ ᠠᠬᠢᠭᠤᠯᠤᠨ᠎ᠠ᠃ ᠡᠳ᠋ᠰᠢᠭᠦᠯᠬᠦ ᠠᠵᠤ ᠠᠬᠤᠶ᠋ᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠲᠣᠨᠤᠭ ᠲᠥᠬᠦᠭᠡᠷᠦᠮᠵᠢ ᠵᠢᠨ ᠲᠠᠰ ᠳᠡᠪᠰᠢᠭᠦᠯᠬᠦ ᠪᠠ ᠵᠠᠭᠪᠤᠷ ᠤᠨ ᠰᠢᠨ᠎ᠡ ᠵᠢ ᠡᠭᠦᠳᠬᠦ ᠵᠢ ᠲᠦᠷᠭᠡᠳᠬᠡᠬᠦ ᠵᠢ ᠵᠣᠷᠢᠭᠵᠢᠭᠤᠯᠵᠤ᠂ ᠲᠣᠤᠷ ᠴᠡᠭ ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠂ ᠬᠠᠩᠭ᠋ᠠᠯᠭ᠎ᠠ ᠵᠢᠨ ᠬᠡᠯᠬᠢᠶ᠎ᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠡᠵᠡᠩᠨᠡᠯᠲᠡ ᠵᠢᠨ ᠣᠷᠣᠨ ᠪᠦᠰᠡ ᠵᠢ ᠥᠷᠭᠡᠳᠬᠡᠨ᠎ᠡ᠃ ᠳᠠᠭ᠋ᠠᠭᠤᠯᠤᠭᠴᠢ ᠠᠵᠤ ᠠᠬᠤᠶ᠋ᠢᠯᠠᠯ ᠢ ᠲᠦᠷᠭᠡᠪᠴᠢᠯᠡᠨ ᠪᠤᠶ᠋ᠢᠵᠢᠭᠤᠯᠵᠤ᠂ ᠠᠵᠤ ᠦᠢ᠍ᠯᠡᠰ ᠤᠨ ᠬᠡᠯᠬᠢᠶ᠎ᠡ ᠵᠢᠨ ᠳᠡᠭᠡᠳᠦ ᠳᠡᠰᠵᠢᠭᠰᠡᠨ᠂ ᠤᠶᠤᠨᠴᠢᠯᠠᠭᠰᠠᠨ᠂ ᠬᠡᠪᠴᠢᠶᠡᠵᠢᠭᠰᠡᠨ ᠲᠡᠰᠢ ᠳᠠᠪᠰᠢᠬᠤ ᠵᠢ ᠲᠦᠯᠬᠢᠨ ᠠᠬᠢᠭᠤᠯᠵᠤ᠂ ᠠᠵᠤ ᠦᠢ᠍ᠯᠡᠰ ᠤᠨ ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠦᠢ᠍ᠯᠡᠰ ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢ ᠪᠡᠶᠡᠯᠡᠭᠦᠯᠦᠨ᠎ᠡ᠃ 2027 ᠣᠨ ᠤ ᠡᠴᠦᠰ ᠪᠣᠯᠬᠤ ᠳᠤ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠠᠷ ᠭᠤᠤᠯ ᠪᠣᠯᠭ᠋ᠠᠭᠰᠠᠨ ᠲᠠᠷᠢᠶᠠᠯᠠᠩ ᠤᠨ ᠠᠵᠤ ᠦᠶ᠋ᠢᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶ᠋ᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠠᠴᠠ 10 ᠵᠢ ᠰᠢᠨ᠎ᠡ ᠪᠠᠷ ᠮᠠᠭ᠋ᠠᠳᠯᠠᠨ ᠲᠣᠭᠲᠠᠭ᠋ᠠᠵᠤ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠬᠦᠷᠢᠶᠡᠨ ᠳᠠᠬᠢ 《ᠲᠤᠰᠬᠠᠶ ᠨᠠᠷᠢᠯᠢᠭ ᠣᠨᠴᠠ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ ᠢ 5 ᠠᠴᠠ ᠳᠡᠭᠡᠭᠰᠢ ᠰᠢᠨ᠎ᠡ ᠪᠠᠷ ᠪᠤᠶ᠋ᠢᠵᠢᠭᠤᠯᠤᠨᠠ᠃
(ᠬᠤᠶᠠᠷ) ᠰᠢᠨᠵᠢᠯᠡᠬᠦ ᠤᠬᠠᠭ᠋ᠠᠨ ᠮᠡᠷᠭᠡᠵᠢᠯ ᠤᠨ ᠰᠢᠨ᠎ᠡ ᠵᠢ ᠡᠭᠦᠳᠬᠦ ᠡᠨᠧᠷᠭᠢ ᠣᠯᠭᠤᠬᠤ ᠬᠦᠷᠢᠶᠡᠯᠡᠩ ᠲᠣᠭᠤᠷᠢᠭ ᠪᠠ ᠰᠠᠭᠤᠷᠢᠨ ᠭᠠᠵᠠᠷ ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠦᠨ᠎ᠡ
ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠬᠦᠷᠢᠶ᠎ᠡ ᠴᠠᠷᠠᠭ᠎ᠠ ᠵᠢᠨ ᠰᠢᠨ᠎ᠡ ᠵᠢ ᠡᠭᠦᠳᠬᠦ ᠲᠠᠪᠴᠠᠩ ᠤᠨ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠢᠮᠢᠰ ᠢᠳᠡᠰᠢᠨ ᠨᠣᠭᠤᠭ᠎ᠠ ᠡᠳ᠋ᠰᠢᠭᠦᠯᠬᠦ᠂ ᠳᠠᠭ᠋ᠠᠯᠲᠠ ᠪᠦᠲᠦᠭᠡᠭᠳᠡᠬᠦᠨ ᠢ ᠠᠰᠢᠭᠯᠠᠬᠤ᠂ ᠴᠢᠳᠠᠮᠵᠢ ᠵᠢᠨ ᠴᠢᠨᠠᠷᠲᠠᠶ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠵᠢᠨ ᠲᠣᠭᠤᠷᠢᠨ ᠳᠤ᠂ 《ᠮᠧᠩ ᠺᠧ ᠵᠢᠦ》 ᠵᠢᠨ ᠰᠢᠨ᠎ᠡ ᠵᠢ ᠡᠭᠦᠳᠬᠦᠪᠠᠷ ᠬᠥᠳᠡᠯᠭᠡᠭᠦᠷ ᠪᠣᠯᠭ᠋ᠠᠬᠤ ᠲᠠᠪᠴᠠᠩ ᠵᠶ᠋ᠠᠷ ᠳᠠᠮᠵᠢᠭᠤᠯᠤᠨ᠂ ᠠᠵᠤ ᠦᠢ᠍ᠯᠡᠰ ᠤᠨ ᠰᠢᠨᠵᠢᠯᠡᠬᠦ ᠤᠬᠠᠭ᠋ᠠᠨ ᠤ ᠰᠤᠳᠤᠯᠭ᠋ᠠᠨ ᠤ ᠬᠦᠷᠢᠶᠡᠯᠡᠩ ᠲᠣᠭᠤᠷᠢᠭ ᠠᠴᠠ ᠮᠡᠷᠭᠡᠵᠢᠯ ᠤᠨ ᠦᠷ᠎ᠡ ᠪᠦᠲᠦᠭᠡᠯ ᠴᠤᠭᠯᠠᠭᠤᠯᠬᠤ ᠵᠢᠨ ᠬᠠᠮᠲᠤ ᠨᠡᠶ᠋ᠢᠲᠡᠯᠡᠨ ᠲᠠᠨᠢᠯᠴᠠᠭᠤᠯᠬᠤ ᠵᠢ ᠵᠣᠬᠢᠶᠠᠨ ᠪᠠᠶ᠋ᠢᠭᠤᠯᠵᠤ᠂ ᠨᠠᠩ ᠣᠯᠠᠨ ᠰᠢᠨ᠎ᠡ ᠦᠢ᠍ᠯᠡᠳᠬᠦᠨ᠂ ᠰᠢᠨ᠎ᠡ ᠮᠡᠷᠭᠡᠵᠢᠯ ᠢ ᠮᠠᠨ ᠤ ᠬᠤᠲᠠ ᠳᠤ ᠬᠤᠪᠢᠷᠠᠭᠤᠯᠤᠨ ᠬᠡᠷᠡᠭᠯᠡᠬᠦ ᠵᠢ ᠵᠣᠬᠢᠶᠠᠨ ᠪᠠᠶ᠋ᠢᠭᠤᠯᠪᠠ; ᠬᠦᠷᠢᠶᠡᠯᠡᠩ ᠲᠣᠭᠤᠷᠢᠭ ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠤᠨ ᠲᠤᠰᠬᠠᠶ ᠪᠡᠯᠡ ᠮᠥᠩᠭᠦ ᠵᠢ ᠢᠳᠡᠪᠬᠢᠲᠡᠢ ᠴᠢᠷᠮᠠᠶ᠋ᠢᠨ ᠣᠯᠵᠤ᠂ ᠲᠠᠷᠢᠶᠠᠯᠠᠩ ᠲᠤᠰᠠᠯᠠᠬᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠳᠡᠮᠵᠢᠵᠦ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠵᠢᠨ ᠪᠦᠲᠦᠭᠡᠭᠳᠡᠬᠦᠨ ᠤ ᠳᠠᠪᠠᠭᠤᠯᠢᠭ ᠭᠠᠷᠤᠯᠲᠠ ᠵᠢᠨ ᠣᠷᠣᠨ ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ ᠵᠢ ᠬᠥᠭᠵᠢᠭᠦᠯᠦᠨ᠂ ᠠᠮᠤ ᠪᠤᠳᠠᠭ᠎ᠠ ᠲᠣᠰᠣᠨ ᠤ ᠲᠠᠷᠢᠮᠠᠯ ᠤᠨ ᠨᠢᠭᠡᠴᠢ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠠᠯᠠᠰᠢᠨ ᠬᠤᠨᠢ᠂ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠠᠵᠢᠯᠯᠠᠭ᠎ᠠ ᠵᠢ ᠬᠡᠷᠡᠭᠵᠢᠭᠦᠯᠦᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠲᠠᠸᠠᠷᠴᠢᠯᠠᠭᠰᠠᠨ ᠦᠢ᠍ᠯᠡᠳᠪᠦᠷᠢᠯᠡᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠷᠢᠶᠠᠯᠠᠩ ᠬᠤᠯᠢᠰᠢᠨ ᠢᠳᠡᠭᠡᠨ ᠡᠳ᠋ᠰᠢᠭᠦᠯᠬᠦ ᠠᠵᠤ ᠠᠬᠤᠶ᠋ᠢᠯᠠᠯ ᠤᠨ ᠥᠪᠡᠰᠦᠪᠡᠨ ᠪᠠᠶ᠋ᠢᠭᠤᠯᠤᠭᠰᠠᠨ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ ᠤᠨ ᠰᠠᠭᠤᠷᠢᠨ ᠭᠠᠵᠠᠷ ᠢ ᠵᠣᠷᠢᠭᠵᠢᠭᠤᠯᠵᠤ᠂ ᠵᠠᠬᠢᠶᠠᠯᠠᠭ᠎ᠠ ᠪᠠᠷ ᠦᠢ᠍ᠯᠡᠳᠪᠦᠷᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠤᠷᠰᠢᠶ᠎ᠠ᠂ ᠬᠡᠷ ᠪᠦᠯᠢ ᠵᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠵᠡᠷᠭᠡ ᠯᠦᠭᠡ ᠲᠣᠭᠲᠠᠭᠤᠨ ᠠᠰᠢᠭ ᠲᠤᠰᠠ ᠵᠢᠨ ᠬᠤᠯᠪᠣᠭ᠋ᠠᠨ ᠤ ᠬᠠᠷᠢᠴᠠᠭ᠎ᠠ ᠵᠢ ᠪᠣᠶ ᠪᠣᠯᠭ᠋ᠠᠨᠠ᠃
(ᠭᠤᠷᠪᠠ)ᠨᠡᠷᠡᠲᠦ ᠲᠡᠮᠳᠡᠭᠲᠦ ᠵᠢ ᠪᠣᠶ᠋ᠢᠵᠢᠭᠤᠯᠬᠤ ᠪᠠ ᠡᠵᠡᠩᠨᠡᠨ ᠪᠣᠷᠤᠯᠠᠭᠤᠯᠵᠤ ᠳᠡᠯᠭᠡᠷᠡᠭᠦᠯᠬᠦ ᠠᠵᠢᠯᠯᠠᠭ᠎ᠠ ᠥᠷᠨᠢᠭᠦᠯᠦᠨ᠎ᠡ
ᠠᠵᠤ ᠠᠬᠤᠶ᠋ᠢᠯᠠᠯ ᠢ ᠬᠥᠲᠥᠯᠥᠨ ᠵᠢᠯᠣᠭᠣᠳᠴᠤ ᠪᠠᠶ᠋ᠢᠭ᠋ᠠᠳ ᠥᠪᠡᠷᠲᠡᠭᠡᠨ ᠵᠠᠰᠠᠬᠤ ᠣᠷᠣᠨ ᠤ ᠬᠠᠮᠲᠤᠪᠠᠷ ᠡᠳ᠋ᠯᠡᠬᠦ ᠵᠢᠨ ᠤᠷᠢᠳᠠᠴᠢ ᠬᠥᠮᠥᠷᠭᠡ ᠵᠢ ᠰᠠᠶ᠋ᠢᠲᠤᠷ ᠬᠡᠷᠡᠭᠯᠡᠭᠦᠯᠵᠦ᠂ ᠲᠠᠷᠢᠶᠠᠯᠠᠩ ᠲᠤᠰᠠᠯᠠᠬᠤ ᠢᠳᠡᠭᠡᠨ ᠢ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠣᠶ᠋ᠢᠭ᠂ ᠵᠦᠵᠢᠶᠠᠩ ᠮᠥᠷᠡᠨ ᠤ ᠭᠤᠷᠪᠠᠯᠵᠢᠨ ᠬᠣᠶ᠋ᠢᠭ ᠵᠡᠷᠭᠡ ᠭᠣᠤᠯ ᠪᠣᠯᠬᠤ ᠬᠡᠷᠡᠭᠯᠡᠭᠡᠨ ᠤ ᠭᠠᠵᠠᠷ ᠣᠷᠣᠨ ᠳᠠᠬᠢ ᠵᠠᠬ᠎ᠠ ᠳᠡᠯᠭᠡᠭᠦᠷ ᠤᠨ ᠬᠤᠪᠢ ᠵᠢ ᠥᠷᠭᠡᠳᠬᠡᠬᠦ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠵᠢ ᠰᠠᠶ᠋ᠢᠲᠤᠷ ᠬᠡᠷᠡᠭᠯᠡᠵᠦ᠂ ᠡᠯ᠎ᠡ ᠲᠥᠷᠥᠯ ᠤᠨ ᠦᠵᠡᠰᠬᠦᠯᠡᠩ ᠤᠨ ᠴᠤᠭᠯᠠᠭ᠋ᠠᠨ ᠳᠤ ᠣᠷᠣᠯᠴᠠᠬᠤ ᠪᠠ ᠡᠷᠬᠢᠯᠡᠬᠦ ᠪᠠᠷ ᠳᠠᠮᠵᠢᠭᠤᠯᠤᠨ᠂ ᠪᠠᠶᠠᠨᠨᠠᠭᠤᠷ ᠤᠨ ᠣᠨᠴᠠᠯᠢᠭᠲᠤ ᠲᠠᠷᠢᠶᠠᠯᠠᠩ ᠤᠨ ᠲᠤᠰᠠᠯᠠᠬᠤ ᠢᠳᠡᠭᠡᠨ ᠢ ᠳᠡᠯᠭᠡᠷᠡᠭᠦᠯᠵᠦ᠂ ᠦᠢ᠍ᠯᠡᠳᠬᠦᠨ ᠤ ᠠᠯᠳᠠᠷᠰᠢᠯ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠵᠢ ᠳᠡᠭᠡᠭᠰᠢᠯᠡᠭᠦᠯᠦᠨ᠎ᠡ; ᠨᠠᠷᠠᠲᠤ ᠲᠡᠮᠳᠡᠭᠲᠦ ᠵᠢᠨ ᠨᠥᠯᠥᠭᠡᠯᠡᠬᠦ ᠬᠦᠴᠦᠨ ᠢ ᠥᠷᠭᠡᠳᠬᠡᠵᠦ᠂ 《ᠲᠡᠭᠷᠢ ᠵᠢᠨ ᠬᠡᠰᠢᠭᠲᠦ ᠪᠣᠷᠣᠲᠣᠬᠤᠶ》 ᠵᠢᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ ᠤ ᠨᠠᠷᠠᠲᠤ ᠲᠡᠮᠳᠡᠭ ᠵᠶ᠋ᠠᠷ ᠵᠢᠯᠣᠭᠤᠳᠤᠮᠵᠢ ᠪᠣᠯᠭ᠋ᠠᠵᠤ᠂ 《ᠪᠣᠷᠣᠲᠣᠬᠤᠶ ᠵᠢᠨ ᠣᠨᠴᠠᠯᠢᠭᠲᠤ ᠠᠵᠤ ᠦᠢ᠍ᠯᠡᠰ ᠤᠨ ᠦᠢ᠍ᠯᠡᠳᠬᠦᠨ》ᠤ ᠨᠠᠷᠠᠲᠤ ᠲᠡᠮᠳᠡᠭᠲᠦ ᠵᠢ ᠤᠯᠠᠮ ᠨᠢᠭᠡ ᠠᠯᠬᠤᠮ ᠪᠣᠶ ᠪᠣᠯᠭ᠋ᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠣᠯᠠᠭᠤᠯᠭ᠎ᠠ ᠵᠢᠨ ᠠᠷᠭ᠎ᠠ ᠵᠠᠮ ᠢ ᠥᠷᠭᠡᠳᠬᠡᠨ᠂ ᠪᠠᠶᠠᠨᠨᠠᠭᠤᠷ ᠤᠨ ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭᠲᠦ ᠵᠢᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ 《ᠤᠤᠯ ᠤᠨ ᠲᠡᠮᠳᠡᠭᠲᠦ》 ᠠᠴᠠ 《ᠠᠯᠲᠠᠨ ᠫᠠᠶ᠋ᠢᠰᠠ》 ᠪᠣᠯᠭ᠋ᠠᠨ ᠬᠤᠪᠢᠷᠠᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ 2027 ᠣᠨ ᠪᠣᠯᠬᠤ ᠳᠤ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠵᠢᠨ 《ᠲᠡᠭᠷᠢ ᠵᠢᠨ ᠬᠡᠰᠢᠭᠲᠦ ᠪᠣᠷᠣᠲᠣᠬᠤᠶ》 ᠵᠢᠨ ᠬᠡᠷᠡᠭᠯᠡᠬᠦ ᠡᠷᠬᠡ ᠲᠠᠢ ᠠᠵᠤ ᠠᠬᠤᠶ᠋ᠢᠯᠠᠯ ᠢ 40 ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ《 ᠮᠸᠩ》 ᠦᠰᠦᠭᠲᠦ ᠠᠵᠤ ᠠᠬᠤᠶ᠋ᠢᠯᠠᠯ ᠢ 20 ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶ᠋ᠢᠨᠠ᠃ ᠲᠠᠷᠢᠶᠠᠯᠠᠩ ᠤᠨ ᠤᠯᠠᠨ ᠤᠯᠤᠰ ᠤᠨ ᠠᠷᠠᠯᠵᠢᠶᠠᠨ ᠤ ᠴᠢᠨᠠᠷ ᠰᠠᠶ᠋ᠢᠲᠠᠢ ᠬᠥᠭᠵᠢᠯᠲᠡ ᠵᠢᠨ ᠴᠢᠨᠠᠷ ᠰᠠᠶ᠋ᠢᠲᠠᠢ ᠭᠤᠣᠯ ᠴᠣᠭᠴᠠ ᠵᠢ ᠪᠤᠶ᠋ᠢᠵᠢᠭᠤᠯᠵᠤ᠂ ᠨᠡᠷᠡᠨ ᠬᠤᠸᠠᠷ ᠤᠨ ᠦᠷ᠎ᠡ᠂ ᠯᠠᠩᠭᠤᠸᠠ ᠵᠢᠨ ᠦᠷ᠎ᠡ᠂ ᠲᠥᠪᠡᠳ ᠬᠠᠰᠢ ᠵᠢᠨ ᠪᠦᠲᠦᠭᠡᠭᠳᠡᠬᠦᠨ᠂ ᠤᠰᠤ ᠦᠭᠡᠶ᠋ᠢᠳᠡᠭᠦᠯᠦᠭᠰᠡᠨ ᠨᠣᠭᠤᠭ᠎ᠠ᠂ ᠬᠤᠨᠢᠨ ᠮᠢᠬ᠎ᠠ ᠵᠡᠷᠭᠡ ᠳᠠᠪᠠᠭᠤᠯᠢᠭ ᠤᠨᠴᠠᠯᠢᠬᠳᠤ ᠲᠠᠷᠢᠶᠠᠯᠠᠩ ᠤᠨ ᠲᠤᠰᠠᠯᠠᠬᠤ ᠢᠳᠡᠭᠡᠨ ᠤ ᠭᠠᠳᠠᠭ᠋ᠠᠳᠤ ᠳᠤ ᠭᠠᠷᠭ᠋ᠠᠬᠤ ᠬᠡᠮᠵᠢᠶ᠎ᠡ ᠵᠢ ᠥᠷᠭᠡᠳᠬᠡᠵᠦ᠂ ᠧᠦ᠋ᠷᠣᠫᠠ ᠠᠮᠧᠷᠢᠺᠠ᠂ ᠡᠮᠦᠨᠡᠲᠦ ᠠᠮᠧᠷᠢᠺᠠ ᠵᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠳᠤᠮᠳᠠᠳᠤ ᠳᠣᠷᠣᠨᠠᠲᠤ᠂ ᠳᠤᠮᠳᠠᠳᠤ ᠠᠽᠢᠶ᠎ᠠ᠂ ᠵᠡᠭᠦᠨ ᠡᠮᠦᠨᠡᠲᠦ ᠠᠽᠢᠶ᠎ᠠ ᠵᠢᠨ ᠤᠯᠤᠰ ᠤᠳ ᠤᠨ ᠬᠤᠯᠪᠣᠭ᠎ᠠ ᠪᠣᠯᠤᠨ ᠠᠯᠤᠰ ᠳᠣᠷᠣᠨᠠᠲᠤ ᠣᠷᠣᠨ ᠤ ᠤᠯᠠᠨ ᠤᠯᠤᠰ ᠤᠨ ᠡᠵᠡᠩᠨᠡᠨ ᠪᠣᠷᠣᠯᠠᠭᠤᠯᠬᠤ ᠲᠣᠣᠷ ᠢ ᠥᠷᠭᠡᠳᠬᠡᠨ᠎ᠡ᠃
(ᠲᠦᠷᠪᠡ) ᠢᠳᠡᠭᠡᠨ ᠤ ᠠᠮᠤᠷ ᠲᠦᠪᠰᠢᠨ ᠤ ᠴᠢᠩᠭ᠋᠎ᠠ ᠬᠢᠨᠠᠨ ᠬᠠᠮᠢᠶᠠᠷᠬᠤ ᠠᠵᠢᠯᠯᠠᠭ᠎ᠠ ᠵᠢ ᠬᠡᠷᠡᠭᠵᠢᠭᠦᠯᠦᠨ᠎ᠡ
ᠭ᠋ᠡᠷᠡᠭᠯᠡᠭᠡ ᠪᠠᠷ ᠣᠳᠣᠷᠢᠳᠣᠮᠵᠢ ᠪᠤᠯᠭ᠋ᠠᠬᠤ ᠵᠢ ᠲᠣᠪᠤᠶ᠋ᠢᠯᠭ᠋ᠠᠵᠦ᠂ ᠳᠦᠬᠦᠭᠡᠢ ᠮᠠᠲ᠋ᠧᠷᠢᠶᠡᠯ᠂ ᠮᠡᠷᠭᠡᠵᠢᠯ ᠳᠦᠬᠦᠭᠡᠷᠦᠮᠵᠢ᠂ ᠠᠵᠢᠯᠯᠠᠬᠤ ᠳᠥᠷᠢᠮ᠂ ᠦᠢ᠍ᠯᠡᠳᠬᠦᠨ ᠤ ᠬᠦᠢ᠍ᠯᠭᠡᠭᠡᠨ ᠵᠡᠷᠭᠡ ᠪᠦᠬᠦ ᠠᠵᠦ ᠦᠢ᠍ᠯᠡᠰ ᠤᠨ ᠭᠡᠯᠬᠢᠶᠡᠰᠦ ᠵᠢᠨ ᠲᠤᠭᠤᠷᠢᠨ ᠳᠤ ᠠᠵᠦ ᠠᠬᠤᠶ᠋ᠢᠯᠠᠯ ᠤᠨ ᠶᠠᠰᠣ ᠴᠢᠨᠡᠷ ᠤᠨ ᠪᠡᠷᠢᠮᠵᠢᠶ᠎ᠠ ᠲᠣᠠᠠᠳᠠᠭ᠋ᠠᠬᠤ ᠳᠤ ᠢᠳᠡᠪᠬᠢᠳᠡᠢ ᠪᠠᠷ ᠣᠷᠣᠯᠴᠠᠬᠤ ᠵᠢ ᠵᠣᠷᠢᠠᠠᠵᠢᠭᠤᠯᠥᠨ᠂ ᠠᠵᠦ ᠠᠬᠤᠶ᠋ᠢᠯᠠᠯ ᠤᠨ ᠪᠡᠷᠢᠮᠵᠢᠶ᠎ᠠ ᠶᠣᠰᠣᠭ᠋ᠠᠷ ᠦᠢ᠍ᠯᠡᠳᠪᠦᠷᠢᠯᠡᠬᠦ ᠵᠢ ᠬᠦᠳᠦᠯᠥᠨ ᠵᠢᠯᠥᠭᠤᠳᠴᠥ᠂ ᠡᠳ᠋ᠰᠢᠬᠦᠯᠬᠦ ᠮᠡᠷᠭᠡᠵᠢᠯ ᠤᠨ ᠪᠡᠷᠢᠮᠵᠢᠶᠠᠵᠢᠭᠤᠯᠥᠯᠳᠡ᠂ ᠲᠤᠨᠤᠭ ᠳᠥᠬᠦᠭᠡᠷᠦᠮᠵᠢ ᠵᠢᠨ ᠣᠶᠣᠨᠵᠢᠯᠳᠡ᠂ ᠶᠠᠪᠤᠴᠠ ᠵᠢᠨ ᠪᠤᠬᠢᠷᠳᠣᠯ ᠦᠭᠡᠢ᠂ ᠦᠢ᠍ᠯᠡᠳᠬᠦᠨ ᠤ ᠰᠢᠮ᠎ᠡ ᠳᠡᠵᠢᠭᠡᠯ ᠢ ᠠᠬᠢᠭᠤᠯᠥᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠵᠢᠨ ᠪᠦᠲᠦᠭᠡᠭᠳᠡᠬᠦᠨ ᠤ ᠪᠠᠷᠢᠮᠵᠢᠶ᠎ᠠ ᠳᠤ ᠬᠦᠷᠦᠭᠦᠯᠬᠦ ᠪᠠᠷ ᠠᠮᠠᠯᠠᠭᠰᠠᠨ ᠬᠢᠷᠢ ᠲᠡᠩᠴᠡᠭᠰᠡᠨ ᠦᠨᠡᠮᠯᠡᠯᠦᠨ ᠳᠦᠷᠢᠮ ᠪᠠ ᠮᠥᠷᠳᠡᠨ ᠤᠬᠤᠴᠢᠯᠠᠬᠤ ᠬᠠᠮᠢᠶᠠᠷᠤᠯᠲᠠ ᠵᠢᠨ ᠳᠦᠷᠢᠮ ᠢ ᠪᠠᠶ᠋ᠢᠭᠤᠯᠵᠤ᠂ ᠦᠢ᠍ᠯᠡᠳᠪᠦᠷᠢᠯᠡᠯᠤᠨ ᠲᠡᠮᠳᠡᠭᠯᠡᠯ ᠢ ᠪᠠᠶ᠋ᠢᠴᠠᠭ᠋ᠠᠨ ᠯᠠᠪᠯᠠᠵᠤ ᠪᠣᠯᠬᠤ᠂ ᠪᠦᠲᠦᠭᠡᠭᠳᠡᠬᠦᠨ ᠤ ᠭᠦᠢ᠍ᠯᠭᠡᠭᠡᠨ ᠤ ᠬᠠᠨᠳᠤᠰᠢ ᠵᠢ ᠮᠥᠷᠳᠡᠵᠦ ᠪᠣᠯᠬᠤ᠂ ᠬᠠᠷᠢᠭᠤᠴᠠᠯᠭ᠎ᠠ ᠵᠢ ᠲᠣᠳᠣᠷᠬᠠᠶ ᠪᠣᠯᠭ᠋ᠠᠬᠤ ᠵᠢ ᠪᠡᠶᠡᠯᠡᠭᠦᠯᠬᠦ ᠬᠡᠷᠡᠭᠲᠡᠶ᠃ ᠡᠳ᠋ᠱᠢᠭᠦᠯᠬᠦ᠌ ᠠᠵᠤ ᠠᠬᠤᠶ᠋ᠢᠯᠠᠯ ᠢ ᠰᠢᠮᠳᠠᠭᠤᠯᠵᠤ ᠪᠠᠶ᠋ᠢᠭ᠋ᠠᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠵᠢᠨ ᠳᠦᠷᠢᠮ ᠢ ᠪᠠᠶ᠋ᠢᠭᠤᠯᠤᠨ ᠪᠦᠷᠢᠨᠰᠢᠭᠦᠯᠵᠦ᠂ ᠦᠢ᠍ᠯᠡᠳᠬᠦᠨ ᠢ ᠦᠢ᠍ᠯᠡᠳᠪᠦᠷᠢ ᠠᠴᠠ ᠭᠠᠷᠭ᠋ᠠᠬᠤ ᠳᠤ ᠬᠢᠷᠢ ᠲᠡᠩᠴᠡᠬᠦ ᠵᠢ ᠦᠨᠡᠨᠬᠦ ᠪᠠᠲᠤᠯᠠᠬᠤ ᠬᠡᠷᠡᠭᠲᠡᠶ᠃
(ᠲᠠᠪᠤ) ᠮᠥᠩᠭᠦᠨ ᠭᠦᠢ᠍ᠯᠭᠡᠭᠡᠨ ᠤ ᠡᠳ᠋ ᠤᠨ ᠵᠠᠰᠠᠭ ᠭᠠᠶ᠋ᠢᠯᠢ ᠵᠢᠨ ᠶᠠᠪᠤᠳᠠᠯ ᠤᠨ ᠨᠠᠷᠢᠯᠢᠭ ᠣᠨᠤᠪᠴᠢᠲᠠᠢ ᠪᠠᠷ ᠳᠤᠰᠤᠯᠭ᠋ᠠᠨ ᠤᠰᠤᠯᠠᠬᠤ ᠠᠵᠢᠯᠯᠠᠭ᠎ᠠ ᠵᠢ ᠬᠡᠷᠡᠭ᠌ᠵᠢᠭᠦᠯᠦᠨᠡ
ᠲᠥᠷᠥ ᠵᠢᠨ ᠪᠣᠳᠣᠯᠭ᠎ᠠ ᠵᠢᠨ ᠴᠢᠨᠠᠷᠲᠠᠶ ᠲᠠᠷᠢᠶᠠᠯᠠᠩ ᠮᠠᠯ ᠠᠵᠤ ᠠᠬᠤᠶ ᠵᠢᠨ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠲᠠᠷᠢᠶᠠᠯᠠᠩ ᠤᠨ ᠲᠤᠰᠠᠯᠠᠬᠤ ᠢᠳᠡᠭᠡᠨ ᠡᠳ᠋ᠱᠢᠭᠦᠯᠬᠦ᠌ ᠡᠵᠡᠩᠨᠡᠯᠲᠡ ᠵᠢᠨ ᠭᠣᠤᠯ ᠴᠣᠭᠴᠠ ᠳᠤ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠳᠡᠮᠵᠢᠯᠭᠡ ᠬᠠᠩᠭ᠋ᠠᠨ᠎ᠠ᠃ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠢᠨ ᠳᠠᠭ᠋ᠠᠳᠬᠠᠯ ᠤᠨ ᠵᠠᠷᠤᠳᠠᠯ ᠳᠤ ᠨᠥᠬᠥᠪᠥᠷᠢ ᠥᠭᠬᠦ ᠪᠡᠯᠡ ᠮᠥᠩᠭᠥ ᠵᠢᠨ ᠬᠠᠮᠢᠶᠠᠷᠤᠯᠲᠠ ᠵᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠤᠭᠤᠳᠠᠶ᠂ ᠡᠷᠳᠡᠨᠢ ᠰᠢᠰᠢ ᠵᠢᠨ ᠪᠦᠷᠢᠨ ᠥᠪᠡᠷᠤᠨ ᠥᠷᠲᠡᠭ ᠤᠨ ᠳᠠᠭ᠋ᠠᠳᠬᠠᠯ ᠪᠣᠯᠤᠨ ᠨᠡᠷᠡᠨ ᠬᠤᠸᠠᠷ ᠲᠠᠷᠢᠬᠤ ᠥᠪᠡᠷᠤᠨ ᠥᠷᠲᠡᠭᠤᠨ ᠳᠠᠭ᠋ᠠᠳᠬᠠᠯ ᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠬᠦᠯᠡᠮᠵᠢ ᠵᠢᠨ ᠲᠠᠭ᠋ᠠᠳᠬᠠᠯ᠂ ᠵᠢᠮᠢᠰ ᠨᠣᠭᠤᠭ᠎ᠠ ᠵᠢᠨ ᠦᠨ᠎ᠠ ᠵᠢᠨ ᠵᠢᠭ᠋ᠠᠯᠳᠡ ᠲᠤᠭ᠎ᠠ ᠵᠢᠨ ᠲᠠᠭ᠋ᠠᠳᠬᠠᠯ᠂ ᠠᠯᠠᠰᠢᠨ ᠬᠤᠨᠢᠨ ᠤ ᠲᠠᠭ᠋ᠠᠳᠬᠠᠯ ᠵᠡᠷᠭᠡ ᠣᠷᠣᠨ ᠨᠣᠳᠤᠭ ᠤᠨ ᠳᠡᠪᠠᠭᠤᠯᠢᠭ ᠣᠨᠴᠠᠯᠢᠠᠠᠳᠣ ᠳᠡᠷᠢᠶᠡᠯᠡᠩ ᠮᠠᠯ ᠤᠨ ᠠᠰᠢᠭ ᠰᠢᠮ᠎ᠡ ᠵᠢᠨ ᠪᠦᠳᠦᠭᠡᠭᠳᠡᠬᠦᠨ ᠤ ᠲᠠᠭ᠋ᠠᠳᠬᠠᠯ ᠤᠨ ᠭᠡᠪᠴᠢᠶ᠎ᠠ ᠵᠢ ᠦᠷᠭᠡᠳᠭᠡᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠵᠢᠨ ᠪᠦᠲᠦᠭᠡᠭᠳᠡᠬᠦᠨ ᠤ ᠳᠠᠭ᠋ᠠᠳᠬᠠᠯ ᠤᠨ ᠲᠤᠷᠰᠢᠯᠲᠠ ᠵᠢᠨ ᠴᠡᠭ ᠤᠨ ᠠᠵᠢᠯ ᠥᠷᠨᠢᠭᠦᠯᠬᠦ ᠵᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ ᠤᠨ ᠬᠥᠭᠵᠢᠯᠲᠡ ᠵᠢᠨ ᠰᠠᠭᠤᠷᠢ ᠮᠥᠩᠭᠦ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ ᠤᠨ ᠬᠥᠭᠵᠢᠨ ᠪᠤᠵᠠᠭ᠋ᠠᠢ᠍ᠢ᠍ᠷᠠᠬᠤ ᠵᠢ ᠳᠡᠮᠵᠢᠨ᠎ᠡ᠃
ᠲᠠᠪᠤ᠂ ᠠᠵᠢᠯ ᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ
ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠠᠨ ᠴᠢᠩᠭ᠋ᠠᠳᠬᠠᠵᠤ᠂ ᠣᠲᠣ ᠵᠢᠨ ᠪᠠᠶ᠋ᠢᠭ᠎ᠠ ᠲᠥᠷᠥ ᠵᠢᠨ ᠪᠣᠳᠣᠯᠭ᠎ᠠ ᠵᠢ ᠤᠬᠠᠭᠤᠯᠤᠨ ᠲᠤᠭᠤᠰᠢᠯᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠵᠢᠴᠢ ᠣᠨ ᠤ ᠲᠦᠷᠢᠮ ᠢ ᠬᠡᠷᠡᠭᠵᠢᠭᠦᠯᠬᠦ ᠵᠡᠷᠭᠡ ᠲᠠᠯ᠎ᠠ ᠪᠠᠷ ᠲᠣᠳᠣᠷᠬᠠᠶ᠋ᠢᠯᠠᠯᠲᠠ ᠬᠢᠪᠠ᠃ 《ᠪᠠᠶᠠᠨᠨᠠᠭᠤᠷ ᠬᠤᠲᠠ ᠵᠢᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ ᠤ ᠲᠥᠰᠦᠯ (2021 - 2027 ᠣᠨ)》 ᠪᠣᠯ ᠬᠤᠲᠠ ᠵᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠵᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠬᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠵᠢ ᠳᠠᠭ᠋ᠠᠯᠳᠤᠨ᠂ ᠪᠠᠶᠠᠨᠨᠠᠭᠤᠷ ᠬᠤᠲᠠ ᠵᠢᠨ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢ᠍ᠯᠡᠰ ᠰᠢᠨ᠎ᠡ ᠬᠥᠭᠵᠢᠯᠲᠡ ᠵᠢᠨ ᠠᠵᠠ ᠲᠣᠬᠢᠶᠠᠯ ᠢ ᠤᠭᠲᠤᠨ ᠠᠪᠴᠢᠷᠠᠵᠤ᠂ ᠪᠥᠬᠦ ᠬᠤᠲᠠ ᠵᠢᠨ ᠠᠵᠤ ᠠᠬᠤᠶ ᠨᠡᠶ᠋ᠢᠭᠡᠮ ᠤᠨ ᠴᠢᠨᠠᠷ ᠰᠠᠶ᠋ᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳᠤᠨ ᠵᠠᠰᠠᠭᠤᠨ ᠣᠷᠳᠣᠨᠤ ᠮᠣᠩᠭᠣᠯ ᠰᠦᠯᠵᠢᠶ᠎ᠡ