ᠰᠣᠨᠢᠨ ᠮᠡᠳᠡᠭᠡ   -   ᠤᠷᠥᠨ ᠬᠤᠲᠠ᠎ᠶᠢᠨ ᠰᠣᠨᠢᠨ ᠮᠡᠳᠡᠭᠡ

ᠭᠤᠷᠪᠠᠨ ᠮᠤᠵᠢ ᠣᠷᠣᠨ 《ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠭᠦᠯᠬᠦ ᠪᠦᠳᠦᠭᠦᠪᠴᠢ ᠵᠥᠪᠯᠡᠯᠴᠡᠭᠡᠷ》 ᠲᠣᠭᠲᠠᠪᠠ

ᠨᠡᠶ᠋ᠢᠲᠡᠯᠡᠭᠰᠡᠨ ᠴᠠᠭ᠄   2024-09-05

      ᠣᠶ᠋ᠢᠷ᠎ᠠ᠎ᠳᠤ᠂ ᠥᠪᠥᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠣᠵᠢ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠭᠦᠯᠬᠦ ᠬᠠᠮᠲᠤᠷᠠᠭᠰᠠᠨ ᠬᠤᠷᠠᠯᠳᠤᠭ᠋ᠠᠨ᠎ᠢ ᠱᠠᠨᠰᠢ ᠮᠣᠵᠢ ᠵᠢᠨ ᠢᠦᠢ ᠯᠢᠨ ᠬᠤᠲᠠ᠎ᠳᠤ ᠬᠤᠷᠠᠯᠳᠤᠭᠤᠯᠵᠤ᠂ ᠭᠤᠷᠪᠠᠨ ᠲᠠᠯ᠎ᠠ᠎ᠪᠠᠷ ᠵᠶ᠋ᠠᠨ 《ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠭᠦᠯᠬᠦ ᠪᠦᠳᠦᠭᠦᠪᠴᠢ ᠵᠥᠪᠯᠡᠯᠴᠡᠭᠡᠷ》᠎ᠢ ᠬᠠᠮᠲᠤ᠎ᠪᠠᠷ ᠲᠣᠭᠲᠠᠭ᠋ᠠᠪᠠ᠃
      ᠵᠥᠪᠯᠡᠯᠴᠡᠭᠡᠷ᠎ᠲᠤ ᠳᠤᠷᠠᠳᠤᠭᠰᠠᠨ ᠵᠶ᠋ᠠᠷ᠂ ᠥᠪᠥᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠣᠷᠣᠨ᠎ᠨᠢ ᠤᠯᠤᠰ᠎ᠤᠨ ᠡᠨᠧᠷᠭᠢ ᠵᠢᠨ ᠲᠣᠭᠲᠠᠭᠤᠨ ᠬᠠᠩᠭ᠋ᠠᠯᠭ᠎ᠠ ᠵᠢ ᠪᠠᠲᠤᠯᠠᠬᠤ᠎ᠪᠠᠷ ᠬᠠᠮᠲᠤ᠎ᠪᠠᠷ ᠴᠢᠷᠮᠠᠶ᠋ᠢᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠬᠦᠴᠦᠨ ᠨᠡᠮᠡᠷᠢᠯᠡᠨ᠎ᠡ; ᠰᠢᠨ᠎ᠡ ᠡᠨᠧᠷᠭᠢ ᠵᠢᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠡᠨᠧᠷᠭᠢ ᠵᠢᠨ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠎ᠡ; ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠬᠠᠮᠵᠢᠯᠴᠠᠨ ᠬᠥᠭᠵᠢᠭᠦᠯᠵᠦ᠂ ᠳᠡᠭᠡᠳᠦ ᠳᠣᠣᠷᠠᠳᠤ ᠬᠡᠯᠬᠢᠶᠡᠨ᠎ᠳᠠᠬᠢ ᠬᠤᠯᠪᠣᠭ᠋ᠠᠯᠠᠨ ᠬᠥᠳᠡᠯᠦᠯᠴᠡᠭᠰᠡᠨ᠂ ᠪᠦᠬᠦ ᠬᠡᠯᠬᠢᠶᠡᠨ᠎ᠤ ᠪᠠᠶ᠋ᠢᠷᠢᠰᠢᠭᠤᠯᠤᠯᠲᠠ ᠵᠢ ᠪᠡᠶᠡᠯᠡᠭᠦᠯᠦᠨ᠎ᠡ; ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠬᠠᠮᠵᠢᠯᠴᠠᠨ ᠠᠬᠢᠭᠤᠯᠵᠤ᠂ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠴᠢᠬᠤᠯᠠ ᠶᠡᠭᠡ ᠮᠡᠷᠭᠡᠵᠢᠯ᠎ᠳᠤ ᠬᠤᠯᠪᠣᠭ᠋ᠠᠯᠠᠨ ᠰᠢᠪᠲᠤᠯᠤᠯᠲᠠ ᠬᠢᠬᠦ ᠵᠡᠷᠭᠡ ᠠᠵᠢᠯ ᠡᠭᠦᠷᠭᠡ ᠵᠢ ᠬᠠᠮᠲᠤ᠎ᠪᠠᠷ ᠳᠡᠮᠵᠢᠵᠦ᠂ ᠬᠠᠳᠤᠨ ᠭᠤᠣᠯ᠎ᠤᠨ ᠶᠡᠭᠡ ᠲᠣᠬᠤᠢ ᠵᠢᠨ ᠬᠡᠰᠡᠭ᠎ᠤᠨ ᠣᠷᠣᠨ ᠪᠦᠰᠡ ᠵᠢᠨ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠠᠮᠵᠢᠯᠴᠠᠭᠰᠠᠨ ᠬᠥᠭᠵᠢᠯᠲᠡ᠎ᠳᠤ ᠬᠦᠴᠦ᠎ᠪᠠᠨ ᠡᠷᠭᠦᠬᠦ ᠪᠣᠯᠣᠨ᠎ᠠ᠃
      《ᠪᠦᠳᠦᠭᠦᠪᠴᠢ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠶᠠᠪᠤᠳᠠᠯ᠎ᠨᠢ ᠭᠤᠷᠪᠠᠨ ᠮᠤᠵᠢ ᠣᠷᠣᠨ᠎ᠤ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠨ᠎ᠡ᠂ ᠮᠠᠨ᠎ᠤ ᠣᠷᠣᠨ ᠠᠬ᠎ᠠ ᠳᠡᠭᠦᠦ ᠮᠤᠵᠢ ᠣᠷᠣᠨ᠎ᠯᠤᠭ᠎ᠠ ᠵᠢᠨ ᠬᠠᠮᠲᠤᠷᠠᠯᠴᠠᠭ᠎ᠠ ᠰᠣᠯᠢᠯᠴᠠᠭ᠎ᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠪᠣᠬᠢᠷᠲᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠬᠢᠭᠡᠳ ᠴᠢᠨᠠᠷ ᠰᠠᠶ᠋ᠢᠲᠠᠢ ᠬᠥᠭᠵᠢᠬᠦ ᠵᠢ ᠬᠠᠮᠲᠤ᠎ᠪᠠᠷ ᠠᠬᠢᠭᠤᠯᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠬᠡᠯᠡᠪᠡ᠃
      ᠬᠤᠷᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠣᠯᠤᠭᠰᠠᠨ ᠠᠵᠢᠯ᠎ᠤᠨ ᠦᠷ᠎ᠡ ᠪᠦᠲᠦᠮᠵᠢ ᠵᠢ ᠲᠠᠨᠢᠯᠴᠠᠭᠤᠯᠤᠭᠰᠠᠨ᠎ᠤ ᠬᠠᠮᠲᠤ᠂ ᠭᠤᠷᠪᠠᠨ ᠮᠤᠵᠢ ᠣᠷᠣᠨ᠎ᠤ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠴᠢᠩᠭ᠋ᠠᠳᠬᠠᠬᠤ᠎ᠳᠤ ᠨᠡᠭᠡᠭᠡᠯᠲᠡ ᠵᠢ ᠬᠠᠮᠲᠤ᠎ᠪᠠᠷ ᠠᠬᠢᠭᠤᠯᠬᠤ᠂ ᠬᠠᠮᠵᠢᠯᠴᠠᠨ ᠬᠥᠭᠵᠢᠬᠦ ᠲᠣᠭᠲᠠᠴᠠ ᠵᠢ ᠰᠦᠪᠡᠭᠴᠢᠯᠡᠬᠦ᠂ ᠰᠢᠨ᠎ᠡ ᠡᠭᠦᠳᠦᠯᠲᠡ ᠵᠢᠨ ᠬᠦᠴᠦᠨ ᠵᠦᠢ᠍ᠯ᠎ᠤᠨ ᠠᠭᠤᠰᠤᠯᠴᠠᠯ᠎ᠢ ᠠᠬᠢᠭᠤᠯᠬᠤ ᠵᠡᠷᠭᠡ ᠰᠠᠨᠠᠭᠤᠯᠭ᠎ᠠ ᠳᠤᠷᠠᠳᠪᠠ
   


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ