ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠤᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠾᠧ ᠷᠦᠩ ᠪᠠᠶ᠋ᠢᠭᠤᠯᠵᠤ ᠪᠠᠶ᠋ᠢᠭ᠎ᠠ ᠭᠤᠤᠯᠳᠠᠯᠭ᠎ᠠ᠎ᠲᠠᠢ ᠲᠥᠷᠥᠯ ᠵᠦᠶᠯ᠎ᠤᠨ ᠢᠨᠵᠧᠨᠧᠷᠢᠩ᠎ᠢ ᠠᠬᠢᠭᠤᠯᠵᠤ ᠪᠠᠶ᠋ᠢᠭ᠎ᠠ ᠪᠠᠶ᠋ᠢᠳᠠᠯ᠎ᠢ ᠬᠢᠨᠠᠨ ᠵᠢᠯᠣᠭᠤᠳᠴᠤ ᠪᠠᠶ᠋ᠢᠴᠠᠭ᠋ᠠᠪᠠ

ᠨᠡᠶ᠋ᠢᠲᠡᠯᠡᠭᠰᠡᠨ ᠴᠠᠭ᠄   2025-05-16

      ᠡᠯ᠎ᠡ ᠲᠣᠮᠢᠯᠠᠭᠰᠠᠨ ᠰᠠᠯᠪᠤᠷᠢ ᠵᠢᠨ ᠥᠭᠡᠷᠡᠴᠢᠯᠡᠨ ᠳᠡᠰ ᠳᠡᠪᠰᠢᠭᠦᠯᠬᠦ ᠥᠭᠡᠷᠡᠴᠢᠯᠡᠯᠲᠡ ᠵᠢᠨ ᠠᠬᠢᠴᠠ ᠵᠢ ᠦᠨᠡᠨᠬᠦ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 5 ᠰᠠᠷ᠎ᠠ ᠵᠢᠨ 15᠎ᠤ ᠡᠳᠦᠷ᠂ ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠤᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠾᠧ ᠷᠦᠩ ᠪᠠᠶ᠋ᠢᠭᠤᠯᠵᠤ ᠪᠠᠶ᠋ᠢᠭ᠎ᠠ ᠲᠣᠮᠢᠯᠠᠭᠰᠠᠨ ᠰᠠᠯᠪᠤᠷᠢ ᠵᠢᠨ ᠲᠤᠬᠠᠶ᠋ᠢᠯᠠᠭᠰᠠᠨ ᠠᠵᠢᠯ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠬᠢᠨᠠᠨ ᠵᠢᠯᠣᠭᠤᠳᠴᠤ ᠪᠠᠶ᠋ᠢᠴᠠᠭ᠋ᠠᠪᠠ᠃


今日磴口20250516-1.jpg


      ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ᠎ᠳᠤ᠂ ᠰᠢᠶᠠᠨ᠎ᠤ ᠳᠡᠳ᠋ ᠳᠠᠷᠤᠭ᠎ᠠ ᠾᠧ ᠷᠦᠩ ᠰᠢᠶᠠᠨ᠎ᠤ ᠲᠣᠪᠴᠢᠶ᠎ᠠ ᠵᠢᠨ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠠᠯᠪᠠᠨ ᠬᠡᠷ᠎ᠤᠨ ᠬᠠᠷᠢᠭᠤᠴᠠᠯᠭ᠋ᠠᠲᠠᠨ᠎ᠤ ᠲᠣᠮᠢᠯᠠᠭᠰᠠᠨ ᠰᠠᠯᠪᠤᠷᠢ ᠵᠢᠨ ᠲᠤᠬᠠᠶ᠋ᠢᠯᠠᠭᠰᠠᠨ ᠠᠵᠢᠯ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠠᠶ᠋ᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠭᠤᠤᠯᠳᠠᠯᠭ᠎ᠠ᠎ᠲᠠᠢ ᠰᠣᠨᠣᠰᠴᠤ᠂ ᠪᠠᠷᠢᠯᠭ᠎ᠠ ᠵᠢᠨ ᠠᠬᠢᠴᠠ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠳᠤᠮᠳᠠ ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠣᠶ᠋ᠢᠯᠠᠭ᠋ᠠᠪᠠ᠃
      ᠾᠧ ᠷᠦᠩ ᠴᠢᠬᠤᠯᠠᠴᠢᠯᠠᠭᠰᠠᠨ᠎ᠨᠢ᠄ ᠲᠣᠮᠢᠯᠠᠭᠰᠠᠨ ᠰᠠᠯᠪᠤᠷᠢ ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠮᠤᠭ᠎ᠤᠨ ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠴᠢᠨᠠᠷᠲᠠᠶ ᠪᠠᠶ᠋ᠢᠯᠳᠤᠭ᠋ᠠᠨ᠎ᠤ ᠪᠣᠳᠠᠲᠤ ᠴᠣᠭᠴᠠ ᠮᠥᠨ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠰᠠᠭᠤᠷᠢ ᠮᠥᠨ᠃ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠣᠷᠢᠶ᠎ᠠ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠃ ᠲᠣᠪᠴᠢᠶ᠎ᠠ ᠵᠢᠨ ᠨᠠᠮ᠎ᠤᠨ ᠬᠤᠷᠢᠶ᠎ᠠ ᠲᠣᠮᠢᠯᠠᠭᠰᠠᠨ ᠰᠠᠯᠪᠤᠷᠢ ᠵᠢᠨ ᠦᠨᠳᠦᠰᠦᠨ ᠱᠠᠲᠤᠨ᠎ᠤ ᠰᠠᠭᠤᠷᠢ ᠪᠦᠳᠦᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠵᠤ᠂ ᠪᠦᠬᠦ ᠰᠢᠶᠠᠨ᠎ᠤ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠲᠤᠨᠤᠭ ᠲᠥᠬᠦᠭᠡᠷᠦᠮᠵᠢ ᠵᠢ ᠲᠡᠰ ᠳᠡᠪᠰᠢᠭᠦᠯᠬᠦ ᠵᠢ ᠪᠡᠶᠡᠯᠡᠭᠦᠯᠵᠦ᠂ ᠲᠣᠮᠢᠯᠠᠭᠰᠠᠨ ᠰᠠᠯᠪᠤᠷᠢ ᠵᠢᠨ ᠨᠡᠶ᠋ᠢᠭᠡᠮ᠎ᠤᠨ ᠬᠠᠮᠢᠶᠠᠷᠤᠯᠲᠠ ᠪᠣᠯᠤᠨ ᠤᠯᠠᠨ ᠲᠦᠮᠡᠨ᠎ᠳᠤ ᠦᠢ᠍ᠯᠡᠴᠢᠯᠡᠬᠦ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠡᠭᠦᠨ᠎ᠤ ᠬᠠᠮᠲᠤ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠠᠯᠪᠠᠨ ᠬᠡᠷ᠎ᠲᠤ ᠪᠣᠳᠠᠲᠠᠶ ᠱᠠᠭ᠋ᠠᠷᠳᠠᠯᠭ᠎ᠠ ᠳᠤᠷᠠᠳᠪᠠ᠄ ᠨᠢᠭᠡ᠎ᠳᠤ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠲᠣᠮᠢᠯᠠᠭᠰᠠᠨ ᠰᠠᠯᠪᠤᠷᠢ ᠵᠢᠨ ᠰᠢᠨ᠎ᠡ ᠲᠤᠬᠠᠶ᠋ᠢᠯᠠᠭᠰᠠᠨ ᠠᠵᠢᠯ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠨᠢᠭᠡᠨ ᠶᠡᠭᠡ ᠶᠠᠪᠤᠳᠠᠯ ᠪᠣᠯᠭ᠋ᠠᠨ ᠠᠳᠬᠤᠵᠤ᠂ ᠰᠠᠨᠠᠭ᠋ᠠᠴᠢᠯᠠᠭ᠎ᠠ᠎ᠠᠴᠠ᠎ᠪᠠᠨ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠨᠡᠪᠲᠡᠷᠡᠯᠴᠡᠨ ᠵᠣᠬᠢᠴᠠᠭᠤᠯᠵᠤ᠂ ᠡᠷᠲᠡᠬᠡᠨ ᠠᠰᠢᠭᠯᠠᠯᠲᠠ᠎ᠳᠤ ᠣᠷᠣᠭᠤᠯᠬᠤ᠎ᠪᠠᠷ ᠴᠢᠷᠮᠠᠶ᠋ᠢᠬᠤ ᠬᠡᠷᠡᠭᠲᠡᠶ; ᠬᠤᠶᠠᠷ᠎ᠲᠤ ᠵᠢᠷᠤᠮᠵᠢᠭᠰᠠᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠲᠣᠮᠢᠯᠠᠭᠰᠠᠨ ᠰᠠᠯᠪᠤᠷᠢ ᠵᠢᠨ ᠡᠭᠦᠷᠭᠡ ᠴᠢᠳᠠᠪᠤᠷᠢ ᠵᠢᠨ ᠣᠨᠴᠠᠯᠢᠭ᠎ᠢ ᠭᠦᠢ᠍ᠴᠡᠳ ᠢᠯᠡᠷᠡᠭᠦᠯᠵᠦ᠂ ᠣᠯᠠᠨ ᠲᠦᠮᠡᠨ᠎ᠳᠤ ᠨᠠᠩ ᠲᠥᠬᠦᠮ ᠦᠵᠡᠭᠦᠯᠵᠦ᠂ ᠪᠣᠳᠠᠲᠠᠶ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠂ ᠪᠥᠲᠥᠭᠡᠨ ᠪᠠᠶ᠋ᠢᠭᠤᠯᠤᠯᠲᠠ ᠵᠢᠨ ᠠᠭᠤᠯᠭ᠎ᠠ ᠪᠠ ᠵᠢᠷᠤᠮᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠠᠩᠬᠠᠷᠴᠤ᠂ ᠬᠠᠷᠢᠶ᠎ᠠ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠪᠠᠲᠤ ᠪᠠᠬᠢ ᠰᠠᠭᠤᠷᠢ ᠵᠢ ᠲᠠᠯᠪᠢᠬᠤ ᠬᠡᠷᠡᠭᠲᠡᠶ; ᠭᠤᠷᠪᠠ᠎ᠳᠤ᠂ ᠵᠢᠷᠤᠮᠵᠢᠯ᠂ ᠭᠤᠸ᠎ᠠ᠂ ᠬᠡᠷᠡᠭᠯᠡᠭᠡ᠂ ᠵᠦᠶ ᠵᠣᠬᠢᠰᠲᠠᠶ ᠵᠠᠷᠴᠢᠮ ᠶᠣᠰᠣᠭ᠋ᠠᠷ᠂ ᠡᠯ᠎ᠡ ᠴᠢᠳᠠᠮᠵᠢᠲᠤ ᠣᠷᠣᠨ ᠪᠦᠰᠡ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠵᠤ᠂ ᠬᠠᠷᠢᠶ᠎ᠠ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠣᠮᠢᠯᠠᠭᠰᠠᠨ ᠰᠠᠯᠪᠤᠷᠢ ᠵᠢ ᠪᠠᠶ᠋ᠢᠭᠤᠯᠵᠤ᠂ ᠦᠨᠳᠦᠰᠦᠨ ᠱᠠᠲᠤᠨ᠎ᠤ ᠠᠷᠠᠳ᠎ᠤᠨ ᠲᠤᠰᠠᠯᠠᠬᠤ ᠴᠠᠭᠳᠠᠭ᠎ᠠ ᠵᠢᠨ ᠠᠵᠢᠯ᠎ᠤᠨ ᠣᠷᠴᠢᠨ ᠲᠣᠭᠤᠷᠢᠨ᠎ᠢ ᠦᠨᠡᠨ ᠬᠦ᠌ ᠰᠠᠶ᠋ᠢᠵᠢᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ