ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠪᠡᠭᠡᠵᠢᠩ ᠬᠤᠳᠠ ᠵᠢᠨ ᠳ᠋ᠦᠩ ᠴᠧᠩ ᠲᠣᠭᠤᠷᠢᠭ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠲᠠᠩ ᠴᠢᠨ ᠹᠸᠢ ᠨᠠᠷ ᠳ᠋ᠧᠩᠺᠸᠤ ᠰᠢᠶᠠᠨ᠎ᠳᠤ ᠬᠦᠷᠴᠦ ᠰᠢᠨᠵᠢᠯᠡᠨ ᠪᠠᠶ᠋ᠢᠴᠠᠭ᠋ᠠᠵᠤ ᠰᠠᠨᠠᠯ ᠵᠶ᠋ᠠᠨ ᠰᠣᠯᠢᠯᠴᠠᠪᠠ

ᠨᠡᠶ᠋ᠢᠲᠡᠯᠡᠭᠰᠡᠨ ᠴᠠᠭ᠄   2025-05-27

      5 ᠰᠠᠷ᠎ᠠ ᠵᠢᠨ 24᠎ᠤ ᠡᠳᠦᠷ᠂ ᠪᠡᠭᠡᠵᠢᠩ ᠬᠤᠳᠠ ᠵᠢᠨ ᠳ᠋ᠦᠩ ᠴᠧᠩ ᠲᠣᠭᠤᠷᠢᠭ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠲᠠᠩ ᠴᠢᠨ ᠹᠸᠢ ᠨᠠᠷ ᠳ᠋ᠧᠩᠺᠸᠤ ᠰᠢᠶᠠᠨ᠎ᠳᠤ ᠬᠦᠷᠴᠦ᠂ ᠬᠤᠶᠠᠷ ᠭᠠᠵᠠᠷ᠎ᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠲᠤᠬᠠᠢ ᠰᠢᠨᠵᠢᠯᠡᠨ ᠪᠠᠶ᠋ᠢᠴᠠᠭ᠋ᠠᠵᠤ ᠰᠠᠨᠠᠯ ᠵᠶ᠋ᠠᠨ ᠰᠣᠯᠢᠯᠴᠠᠪᠠ᠃
      ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ ᠤᠷᠢᠳ ᠬᠤᠵᠢᠳ ᠬᠠᠳᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ᠂ ᠪᠠᠶᠠᠨᠭᠤᠣᠯ ᠪᠠᠯᠭ᠋ᠠᠰᠤ ᠵᠢᠨ ᠬᠤᠸᠠ ᠯᠠᠢ ᠱ᠌ᠢ ᠠᠵᠤ ᠦᠢ᠍ᠯᠡᠰ᠎ᠤᠨ ᠬᠦᠷᠢᠶᠡᠯᠡᠩ᠂ ᠮᠧᠩ ᠨᠧᠩ 85 ᠲᠦᠮᠡᠨ ᠺᠢᠯᠣᠸᠠᠲ᠎ᠤᠨ ᠭᠡᠷᠡᠯ ᠴᠡᠨᠡᠭ᠎ᠤᠨ ᠠᠮᠢ ᠠᠬᠤᠢ ᠵᠢᠨ ᠵᠠᠰᠠᠯᠲᠠ ᠵᠢᠨ ᠲᠦᠷᠦᠯ ᠵᠦᠢ᠍ᠯ᠎ᠤᠨ ᠲᠣᠭᠤᠷᠢᠭ ᠵᠡᠷᠭᠡ ᠭᠠᠵᠠᠷ᠎ᠲᠤ ᠬᠦᠷᠴᠦ᠂ ᠮᠠᠨ᠎ᠤ ᠰᠢᠶᠠᠨ᠎ᠤ ᠬᠠᠳᠤᠨ ᠭᠤᠣᠯ᠎ᠤᠨ ᠤᠰᠤ ᠵᠢ ᠲᠠᠲᠠᠵᠤ ᠤᠰᠤᠯᠠᠯᠲᠠ᠂ ᠬᠤᠸᠠ ᠯᠠᠢ ᠱ᠌ᠢ ᠠᠵᠤ ᠦᠢ᠍ᠯᠡᠰ᠎ᠤᠨ ᠬᠥᠭᠵᠢᠯᠲᠡ᠂ ᠭᠡᠷᠡᠯ ᠴᠡᠨᠡᠭ ᠵᠶ᠋ᠠᠷ ᠡᠯᠡᠰᠦ ᠵᠢ ᠵᠠᠰᠠᠬᠤ ᠵᠡᠷᠭᠡ ᠲᠠᠯ᠎ᠠ ᠵᠢᠨ ᠲᠤᠷᠰᠢᠯᠭ᠎ᠠ ᠠᠷᠭ᠎ᠠ ᠬᠢᠳᠡᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠬᠤᠯᠪᠣᠭᠳᠠᠯ ᠪᠦᠬᠦᠢ ᠬᠥᠮᠦᠰ᠎ᠲᠠᠢ ᠲᠤᠬᠠᠢ ᠵᠢᠨ ᠲᠠᠯᠠᠪᠠᠢ᠎ᠳᠤ ᠰᠠᠨᠠᠯ ᠵᠶ᠋ᠠᠨ ᠰᠣᠯᠢᠯᠴᠠᠪᠠ᠃ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ᠎ᠤᠨ ᠦᠵᠡᠬᠦ᠎ᠪᠠᠷ᠂ ᠳ᠋ᠧᠩᠺᠸᠤ ᠰᠢᠶᠠᠨ ᠥᠪᠥᠷ ᠮᠣᠩᠭᠤᠯ᠎ᠤᠨ ᠪᠠᠷᠠᠭᠤᠨ ᠬᠡᠰᠡᠭ᠂ ᠬᠠᠳᠤᠨ ᠭᠤᠣᠯ᠎ᠤᠨ ᠪᠣᠷᠣᠲᠣᠬᠤᠢ ᠵᠢᠨ ᠲᠠᠯ᠎ᠠ ᠭᠠᠵᠠᠷ᠎ᠲᠤ ᠪᠠᠶ᠋ᠢᠷᠢᠯᠠᠵᠤ᠂ ᠣᠷᠣᠨ ᠪᠠᠶ᠋ᠢᠷᠢ᠎ᠨᠢ ᠣᠨᠴᠠᠭ᠋ᠠᠢ᠂ ᠡᠳ᠋ ᠪᠣᠳᠠᠰ᠎ᠨᠢ ᠪᠠᠶᠠᠯᠢᠭ ᠪᠠᠶ᠋ᠢᠵᠤ᠂ ᠲᠤᠰ ᠤᠳᠠᠭ᠎ᠠ ᠵᠢᠨ ᠰᠢᠨᠵᠢᠯᠡᠨ ᠪᠠᠶ᠋ᠢᠴᠠᠭ᠋ᠠᠯᠲᠠ ᠰᠣᠯᠢᠯᠴᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠤᠶᠠᠷ ᠭᠠᠵᠠᠷ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠭᠤᠷᠣᠨᠳᠣᠬᠢ ᠤᠯᠤᠯᠴᠠᠭ᠎ᠠ ᠬᠠᠷᠢᠯᠴᠠᠭ᠎ᠠ ᠵᠢ ᠴᠢᠨᠠᠭᠰᠢᠳᠠ ᠴᠢᠩᠭ᠋ᠠᠳᠬᠠᠵᠤ᠂ ᠬᠤᠶᠠᠷ ᠭᠠᠵᠠᠷ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠤᠯᠤᠰ ᠲᠦᠷᠦ ᠵᠢᠨ ᠵᠥᠪᠯᠡᠯᠭᠡᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ ᠭᠡᠵᠦ ᠦᠵᠡᠪᠡ᠃
      ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠾᠧ ᠯᠢᠶᠠᠨ ᠾᠦᠢ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠭᠦᠩ ᠵᠢᠶᠠᠨ ᠭᠠᠩ ᠨᠠᠷ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ