ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠰᠤᠷᠤᠯᠴᠠᠯᠭ᠎ᠠ᠎ᠪᠠᠷ ᠠᠵᠢᠯᠯᠠᠬᠤ ᠵᠢ ᠠᠬᠢᠭᠤᠯᠵᠤ᠂ ᠴᠢᠳᠠᠪᠤᠷᠢ᠎ᠪᠠᠨ ᠨᠡᠮᠡᠭᠳᠡᠭᠦᠯᠦᠨ ᠡᠨᠧᠷᠭᠢ ᠬᠠᠳᠠᠭ᠋ᠠᠯᠠᠵᠤ ᠬᠥᠭᠵᠢᠯᠲᠡ ᠵᠢ ᠠᠬᠢᠭᠤᠯᠤᠨ᠎ᠠ - ᠳ᠋ᠧᠩᠺᠸᠤ ᠰᠢᠶᠠᠨ ᠪᠠᠶᠠᠨᠨᠠᠭᠤᠷ ᠬᠤᠳᠠ ᠵᠢᠨ ᠴᠢᠬᠤᠯᠠ ᠶᠡᠭᠡ ᠲᠦᠷᠦᠯ ᠵᠦᠢ᠍ᠯ᠎ᠤᠨ ᠲᠥᠯᠥᠪᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠬᠢ᠎ᠳᠤ ᠣᠷᠣᠯᠴᠠᠪᠠ

ᠨᠡᠶ᠋ᠢᠲᠡᠯᠡᠭᠰᠡᠨ ᠴᠠᠭ᠄   2025-05-20

      ᠴᠢᠬᠤᠯᠠ ᠶᠡᠭᠡ ᠲᠥᠷᠥᠯ ᠵᠦᠢ᠍ᠯ᠎ᠤᠨ ᠲᠥᠯᠦᠪᠵᠢᠭᠦᠯᠭᠡ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥᠯ ᠵᠦᠢ᠍ᠯ᠎ᠤᠨ ᠨᠥᠭᠡᠴᠡᠯᠡᠯᠲᠡ ᠵᠢᠨ ᠨᠠᠷᠢᠯᠢᠭ ᠣᠨᠣᠪᠴᠢᠲᠤ ᠴᠢᠨᠠᠷ ᠬᠢᠭᠡᠳ ᠪᠦᠲᠦᠮᠵᠢᠲᠦ ᠴᠢᠨᠠᠷ᠎ᠢ ᠨᠡᠮᠡᠭᠳᠡᠭᠦᠯᠦᠨ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠳᠠᠬᠢ ᠲᠥᠷᠥᠯ ᠵᠦᠢ᠍ᠯ᠎ᠤᠨ ᠲᠥᠯᠦᠪᠵᠢᠭᠦᠯᠭᠡ ᠵᠢᠨ ᠴᠢᠨᠠᠷᠲᠠᠢ ᠲᠤᠯᠭ᠋ᠠᠭᠤᠷᠢᠯᠠᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠵᠢᠨ ᠲᠥᠯᠥᠭᠡ᠂ 5 ᠰᠠᠷ᠎ᠠ ᠵᠢᠨ 12᠎ᠤᠨ ᠡᠳᠦᠷ᠎ᠠᠴᠠ 5 ᠰᠠᠷ᠎ᠠ ᠵᠢᠨ 16᠎ᠤ ᠡᠳᠦᠷ ᠪᠣᠯᠲᠠᠯ᠎ᠠ᠂ ᠳ᠋ᠧᠩᠺᠸᠤ ᠰᠢᠶᠠᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ᠂ ᠪᠡᠯᠡ ᠣᠷᠣᠭᠤᠯᠤᠯᠲᠠ ᠵᠢ ᠠᠬᠢᠭᠤᠯᠬᠤ ᠲᠥᠪ᠎ᠤᠨ ᠡᠷᠬᠢᠯᠡᠭᠴᠢ ᠯᠢ ᠭᠠᠩ ᠨᠥᠬᠦᠷ ᠪᠠᠶᠠᠨᠨᠠᠭᠤᠷ ᠬᠤᠲᠠ ᠵᠢᠨ ᠴᠢᠬᠤᠯᠠ ᠶᠡᠭᠡ ᠲᠥᠷᠥᠯ ᠵᠦᠢ᠍ᠯ᠎ᠤᠨ ᠲᠥᠯᠦᠪᠵᠢᠭᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ᠎ᠳᠤ ᠣᠷᠣᠯᠴᠠᠪᠠ᠃


今日磴口20250520-1.jpg


      ᠲᠣᠰ ᠤᠳᠠᠭ᠋ᠠᠨ᠎ᠤ ᠪᠣᠯᠪᠠᠰᠤᠷᠠᠭᠤᠯᠤᠯ᠎ᠨᠢ 《deepseek ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠳᠤᠮᠳᠠᠬᠢ ᠬᠡᠷᠡᠭᠯᠡᠯᠲᠡ ᠪᠠ ᠪᠣᠳᠠᠲᠤ ᠠᠵᠢᠯᠯᠠᠭ᠋ᠠᠨ᠎ᠤ ᠠᠷᠭ᠎ᠠ》᠂ 《ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠰᠡᠭᠦᠯᠴᠢ ᠵᠢᠨ ᠦᠶ᠎ᠡ ᠵᠢᠨ ᠬᠠᠤᠯᠢ ᠵᠢᠨ ᠡᠷᠪᠡᠭᠡᠢ ᠵᠢᠨ ᠬᠤᠪᠢᠷᠠᠯᠲᠠ》᠂ 《ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠭᠰᠠᠨ ᠬᠡᠷᠡᠭ᠎ᠤᠨ ᠵᠢᠱ᠌ᠢᠶ᠎ᠡ - ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠠᠷᠭ᠎ᠠ ᠪᠠ ᠬᠡᠯᠡᠯᠴᠡᠭᠡᠷ᠎ᠤᠨ ᠤᠷ᠎ᠠ ᠮᠡᠷᠭᠡᠵᠢᠯ᠎ᠢ ᠲᠠᠶ᠋ᠢᠯᠪᠤᠷᠢᠯᠠᠬᠤ》 ᠵᠡᠷᠭᠡ ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢ ᠤᠶᠠᠯᠳᠤᠭᠤᠯᠬᠤ ᠬᠡᠯᠪᠡᠷᠢ᠎ᠪᠠᠷ ᠥᠷᠨᠢᠭᠦᠯᠵᠦ᠂ ᠠᠭᠤᠯᠭ᠎ᠠ᠎ᠨᠢ ᠪᠠᠶᠠᠯᠢᠭ᠂ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠠᠵᠤ ᠠᠬᠤᠶ ᠵᠢᠨ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠣᠨᠣᠯ᠎ᠤᠨ ᠳᠡᠭᠡᠳᠦ ᠬᠡᠮᠵᠢᠶ᠎ᠡ ᠪᠠ ᠪᠣᠳᠠᠲᠤ ᠠᠵᠢᠯᠯᠠᠭ᠋ᠠᠨ᠎ᠤ ᠦᠨ᠎ᠡ ᠥᠷᠲᠡᠭ᠎ᠢ ᠬᠠᠪᠰᠤᠷᠭ᠋ᠠᠨ ᠬᠠᠷᠢᠭᠤᠴᠠᠵᠤ᠂ ᠳ᠋ᠧᠩᠺᠸᠦ ᠰᠢᠶᠠᠨ᠎ᠤ ᠲᠠᠷᠠᠭ᠋ᠠᠴᠢ ᠵᠢᠨ ᠠᠯᠬᠤᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠳᠤ ᠢᠳᠡᠪᠬᠢᠲᠡᠶ ᠠᠯᠤᠰ ᠬᠡᠲᠦ ᠵᠢᠨ ᠨᠥᠯᠥᠭᠡ ᠦᠵᠡᠭᠦᠯᠦᠭᠰᠡᠨ ᠪᠠᠶ᠋ᠢᠨ᠎ᠠ᠃ ᠢᠷᠡᠭᠡᠳᠦᠶ᠎ᠳᠤ ᠮᠠᠨ᠎ᠤ ᠲᠥᠪ ᠲᠣᠰ ᠤᠳᠠᠭ᠋ᠠᠨ᠎ᠤ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠪᠥᠬᠦ ᠲᠠᠯ᠎ᠠ᠎ᠪᠠᠷ ᠪᠣᠳᠠᠲᠤ ᠠᠵᠢᠯᠯᠠᠭ᠋ᠠᠨ᠎ᠤ ᠥᠷᠲᠡᠭ ᠪᠣᠯᠭ᠋ᠠᠨ ᠬᠤᠪᠢᠷᠠᠭᠤᠯᠵᠤ᠂ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠳᠬᠠᠵᠤ᠂ ᠪᠥᠬᠦ ᠰᠢᠶᠠᠨ᠎ᠤ ᠠᠵᠤ ᠠᠬᠤᠶ ᠵᠢᠨ ᠬᠥᠭᠵᠢᠯᠲᠡ᠎ᠳᠤ ᠲᠠᠰᠤᠷᠠᠯᠲᠠ ᠥᠬᠡᠶ ᠠᠮᠢᠵᠢᠷᠠᠯ᠎ᠤᠨ ᠬᠦᠴᠦᠨ ᠨᠡᠮᠡᠷᠢᠯᠡᠨ᠎ᠡ᠃

今日磴口20250520-2.jpg



ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ