ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠯᠢᠦ ᠰᠢᠶᠠᠩ ᠶᠠᠩ ᠵᠦᠩ ᠭᠤᠸᠠᠩ ᠾᠧ ᠰᠢᠨ᠎ᠡ ᠡᠨᠧᠷᠭᠢ ᠵᠢᠨ ᠪᠡᠯᠡ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ᠎ᠲᠠᠢ ᠠᠭᠤᠯᠵᠠᠪᠠ

ᠨᠡᠶ᠋ᠢᠲᠡᠯᠡᠭᠰᠡᠨ ᠴᠠᠭ᠄   2025-06-11

      6 ᠰᠠᠷ᠎ᠠ ᠵᠢᠨ 10᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠯᠢᠦ ᠰᠢᠶᠠᠩ ᠶᠠᠩ ᠵᠦᠩ ᠭᠤᠸᠠᠩ ᠾᠧ ᠰᠢᠨ᠎ᠡ ᠡᠨᠧᠷᠭᠢ ᠵᠢᠨ ᠪᠡᠯᠡ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠤᠷᠢᠶᠠᠨ᠎ᠤ ᠭᠡᠰᠢᠭᠦᠨ᠂ ᠳᠡᠳ᠋ ᠶᠡᠷᠦᠩᠬᠡᠢ ᠳᠠᠭ᠋ᠠᠭ᠋ᠠᠮᠠᠯ᠂ ᠡᠳ᠋᠎ᠤᠨ ᠶᠠᠪᠤᠳᠠᠯ᠎ᠤᠨ ᠶᠡᠷᠦᠩᠬᠡᠢ ᠬᠢᠨᠠᠭᠴᠢ ᠠᠨ ᠬᠠᠢ ᠭᠤᠸᠠᠩ᠎ᠲᠠᠢ ᠠᠭᠤᠯᠵᠠᠪᠠ᠃ ᠬᠤᠶᠠᠷ ᠲᠠᠯ᠎ᠠ᠎ᠪᠠᠷ ᠵᠶ᠋ᠠᠨ ᠰᠠᠯᠬᠢ ᠭᠡᠷᠡᠯ ᠤᠰᠤᠲᠥ᠋ᠷᠥᠭᠴᠢ ᠵᠢ ᠨᠢᠭᠡ ᠴᠤᠬ᠍ᠴᠠᠵᠢᠭᠤᠯᠬᠤ ᠪᠠ ᠭᠡᠷᠡᠯ ᠢᠯᠴᠢ ᠵᠢᠨ ᠲᠦᠷᠦᠯ ᠵᠦᠢ᠍ᠯ᠎ᠢ ᠨᠡᠭᠡᠭᠡᠨ ᠬᠥᠭᠵᠢᠭᠦᠯᠬᠦ ᠵᠢ ᠠᠬᠢᠭᠤᠯᠬᠤ ᠵᠡᠷᠭᠡ ᠤᠴᠢᠷ ᠰᠢᠯᠲᠠᠭ᠋ᠠᠨ᠎ᠤ ᠲᠤᠬᠠᠢ ᠶᠠᠷᠢᠯᠴᠠᠨ ᠰᠣᠯᠢᠯᠴᠠᠪᠠ᠃
      ᠯᠢᠦ ᠰᠢᠶᠠᠩ ᠶᠠᠩ ᠠᠨ ᠬᠠᠢ ᠭᠤᠸᠠᠩ ᠨᠠᠷ᠎ᠤᠨ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠳ᠋ᠧᠩᠺᠧᠦ ᠰᠢᠶᠠᠨ᠎ᠤ ᠥᠩᠭᠡ ᠦᠵᠡᠮᠵᠢ ᠵᠢᠨ ᠡᠬᠢ ᠪᠠᠶᠠᠯᠢᠭ ᠡᠯᠪᠡᠭ᠂ ᠣᠷᠣᠨ ᠪᠠᠶ᠋ᠢᠷᠢ ᠵᠢᠨ ᠳᠠᠪᠠᠭᠤᠯᠢᠭ ᠥᠪᠡᠷᠮᠢᠴᠡ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠲᠤᠨ ᠭᠤᠣᠯ᠎ᠤᠨ ᠴᠡᠪᠡᠷ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠪᠦᠷᠢᠯᠳᠦᠬᠦᠨ ᠬᠡᠰᠡᠭ ᠮᠥᠨ᠃ ᠣᠶ᠋ᠢᠷ᠎ᠠ ᠵᠢᠨ ᠵᠢᠯ᠎ᠠᠴᠠ᠂ ᠳ᠋ᠧᠩᠺᠸᠤ ᠰᠢᠶᠠᠨ ᠰᠢᠨ᠎ᠡ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠲᠦᠷᠭᠡᠨ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠨᠢᠭᠡᠨᠲᠡ 540.8 ᠲᠦᠮᠡᠨ ᠺᠢᠯᠣᠸᠠᠲ᠎ᠲᠤ ᠬᠦᠷᠴᠦ᠂ ᠪᠦᠬᠦ ᠤᠯᠤᠰ᠎ᠤᠨ ᠲᠠᠩ ᠴᠣᠭᠴᠠ ᠵᠢᠨ ᠪᠠᠭᠲᠠᠭ᠋ᠠᠮᠵᠢ᠎ᠪᠠᠷ ᠬᠠᠮᠤᠭ᠎ᠤᠨ ᠶᠡᠭᠡ ᠴᠠᠬᠢᠯᠭ᠋ᠠᠨ ᠡᠭᠦᠰᠭᠡᠭᠴᠢ ᠵᠢᠨ ᠲᠠᠯ᠎ᠠ ᠵᠢᠨ ᠲᠤᠰᠠᠭ᠋ᠠᠷ ᠡᠨᠧᠷᠭᠢ ᠬᠠᠳᠠᠭ᠋ᠠᠯᠠᠬᠤ ᠴᠠᠬᠢᠯᠭ᠋ᠠᠨ ᠦᠷᠳᠡᠭᠡ ᠵᠢ ᠪᠠᠶ᠋ᠢᠭᠤᠯᠵᠤ᠂ ᠬᠤᠱ᠌ᠣᠢ 500 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠦᠷᠳᠡᠭᠡ ᠴᠤ᠌ ᠤᠷᠤᠭᠰᠢᠲᠠᠢ ᠶᠠᠪᠤᠭᠳᠠᠵᠤ᠂ 《ᠨᠣᠭᠤᠭ᠋ᠠᠷᠠᠭᠤᠯᠵᠤ᠂ ᠰᠢᠨ᠎ᠡ ᠲᠡᠰᠢ ᠠᠮᠢᠳᠤᠷᠠᠬᠤ》 ᠬᠥᠭᠵᠢᠯᠲᠡ ᠵᠢᠨ ᠪᠠᠶ᠋ᠢᠷᠢᠰᠢᠯ᠎ᠢ ᠢᠯᠡᠷᠡᠭᠦᠯᠪᠡ᠃ ᠳᠠᠷᠠᠭ᠋ᠠᠴᠢ ᠵᠢᠨ ᠠᠯᠬᠤᠮ᠎ᠳᠤ᠂ ᠳ᠋ᠧᠩᠺᠸᠤ ᠰᠢᠶᠠᠨ ᠰᠢᠨ᠎ᠡ ᠮᠠᠲ᠋ᠧᠷᠢᠶᠠᠯ᠂ ᠲᠣᠨᠣᠭᠯᠠᠯ ᠦᠢ᠍ᠯᠡᠳᠬᠦ᠂ 《ᠡᠬᠢ ᠰᠤᠷᠪᠤᠯᠵᠢ ᠵᠢᠨ ᠲᠣᠣᠷ᠎ᠤᠨ ᠳᠠᠭ᠋ᠠᠭ᠋ᠠᠴᠠ ᠨᠥᠭᠡᠴᠡ》᠂ ᠰᠠᠯᠬᠢ ᠭᠡᠷᠡᠯ ᠤᠰᠤᠲᠥ᠋ᠷᠥᠭᠴᠢ ᠵᠢ ᠨᠥᠭᠡᠴᠡᠯᠡᠬᠦ ᠵᠡᠷᠭᠡ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠢᠳᠡᠪᠬᠢᠲᠡᠢ ᠠᠬᠢᠭᠤᠯᠵᠤ᠂ ᠬᠡᠯᠬᠢᠶ᠎ᠡ ᠵᠢ ᠳᠠᠰᠤᠷᠠᠯᠳᠠ ᠦᠬᠡᠢ ᠤᠷᠲᠤᠳᠬᠠᠨ ᠬᠡᠯᠬᠢᠶ᠎ᠡ ᠵᠢ ᠨᠥᠬᠦᠪᠥᠷᠢᠯᠡᠵᠦ ᠬᠡᠯᠬᠢᠶ᠎ᠡ ᠵᠢ ᠴᠢᠩᠭ᠋ᠠᠳᠬᠠᠬᠤ ᠪᠣᠯᠤᠨ᠎ᠠ᠃ ᠵᠦᠩ ᠭᠤᠸᠠᠩ ᠾᠧ ᠺᠣᠮᠫᠠᠨᠢ ᠲᠥᠪ᠎ᠤᠨ ᠠᠵᠤ ᠠᠬᠤᠶ᠋ᠢᠯᠠᠯ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠳ᠋ᠧᠩᠺᠸᠦ᠎ᠳᠤ ᠪᠠᠶ᠋ᠢᠭ᠎ᠠ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠵᠦ᠂ ᠭᠠᠷ ᠬᠤᠯᠪᠣᠨ ᠬᠠᠮᠲᠤᠪᠠᠷ ᠪᠠᠶ᠋ᠢᠭᠤᠯᠵᠤ ᠬᠠᠮᠲᠤᠪᠠᠷ ᠡᠳ᠋ᠯᠡᠵᠦ᠂ ᠳ᠋ᠧᠩᠺᠸᠤ ᠰᠢᠶᠠᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ ᠰᠢᠯᠢᠳᠡᠭᠵᠢᠨ ᠬᠦᠴᠦᠷᠬᠡᠭᠵᠢᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
      ᠠᠨ ᠬᠠᠢ ᠭᠤᠸᠠᠩ ᠺᠣᠮᠫᠠᠨᠢ ᠵᠢᠨ ᠥᠪᠥᠷ ᠮᠣᠩᠭᠤᠯ᠎ᠤᠨ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠬᠦ ᠭᠤᠣᠯ ᠠᠮᠵᠢᠯᠲᠠ ᠪᠦᠲᠦᠮᠵᠢ ᠵᠢᠴᠢ ᠳ᠋ᠧᠩᠺᠸᠤ ᠰᠢᠶᠠᠨ᠎ᠤ ᠲᠦᠷᠦᠯ ᠵᠦᠢ᠍ᠯ᠎ᠢ ᠨᠡᠭᠡᠭᠡᠨ ᠬᠥᠭᠵᠢᠭᠦᠯᠵᠦ ᠪᠦᠳᠦᠭᠡᠨ ᠪᠠᠶ᠋ᠢᠭᠤᠯᠬᠤ ᠠᠩᠬ᠎ᠠ ᠠᠯᠬᠤᠮ᠎ᠤᠨ ᠲᠥᠯᠥᠪᠵᠢᠭᠦᠯᠭᠡ ᠵᠢ ᠭᠤᠣᠯᠳᠠᠯᠭ᠎ᠠ᠎ᠲᠠᠢ ᠲᠠᠨᠢᠯᠴᠠᠭᠤᠯᠪᠠ᠃ ᠲᠡᠷᠡ᠂ ᠳ᠋ᠧᠩᠺᠸᠤ ᠰᠢᠶᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠡᠯᠧᠮᠧᠨ᠋ᠲ᠎ᠤᠨ ᠪᠠᠲᠤᠯᠠᠭ᠎ᠠ᠂ ᠵᠠᠮ ᠬᠠᠷᠢᠯᠴᠠᠭ᠋ᠠᠨ᠎ᠤ ᠨᠥᠬᠦᠴᠡᠯ᠂ ᠡᠨᠧᠷᠭᠢ ᠵᠢᠨ ᠬᠠᠩᠭ᠋ᠠᠯᠭ᠎ᠠ ᠵᠡᠷᠭᠡ ᠲᠠᠯ᠎ᠠ᠎ᠪᠠᠷ ᠤᠯᠠᠨ᠎ᠠᠴᠠ ᠣᠨᠴᠠᠭ᠋ᠠᠢ ᠳᠠᠪᠠᠭᠤᠯᠢᠭ᠎ᠲᠠᠢ ᠪᠠᠶ᠋ᠢᠵᠤ᠂ ᠺᠣᠮᠫᠠᠨᠢ ᠵᠢᠨ ᠪᠦᠯᠦᠭᠯᠡᠯ᠎ᠤᠨ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠪᠣᠯᠤᠨ ᠪᠡᠯᠡ ᠣᠷᠣᠭᠤᠯᠤᠯᠲᠠ ᠵᠢᠨ ᠰᠠᠨᠠᠮᠵᠢ᠎ᠲᠠᠢ ᠳᠡᠭᠡᠳᠦ ᠬᠡᠮᠵᠢᠶ᠎ᠡ᠎ᠪᠠᠷ ᠨᠡᠶ᠋ᠢᠴᠡᠵᠦ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ᠂ ᠥᠩᠭᠡ ᠦᠵᠡᠮᠵᠢ ᠤᠰᠤᠲᠥ᠋ᠷᠥᠭᠴᠢ ᠵᠢᠨ ᠨᠥᠭᠡᠴᠡ ᠵᠢ ᠨᠢᠭᠡ ᠴᠣᠭᠴᠠᠵᠢᠭᠤᠯᠬᠤ᠂ ᠭᠡᠷᠡᠯ ᠢᠯᠴᠢ ᠵᠢᠨ ᠠᠵᠤ ᠦᠢ᠍ᠯᠡᠰ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠳ᠋ᠧᠩᠺᠸᠤ ᠰᠢᠶᠠᠨ᠎ᠤ ᠳᠡᠭᠡᠳᠦ ᠬᠡᠮᠵᠢᠶᠡᠨ᠎ᠤ ᠳᠡᠮᠵᠢᠯᠭᠡ ᠵᠢ ᠣᠯᠬᠤ ᠵᠢ ᠬᠦᠰᠡᠵᠦ ᠪᠠᠶ᠋ᠢᠨ᠎ᠠ᠃ ᠵᠦᠩ ᠭᠤᠸᠠᠩ ᠾᠧ ᠺᠣᠮᠫᠠᠨᠢ ᠲᠥᠪ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠵᠦ᠂ ᠳ᠋ᠧᠩᠺᠸᠤ ᠰᠢᠶᠠᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ᠎ᠳᠤ ᠲᠥᠪ᠎ᠤᠨ ᠠᠵᠤ ᠠᠬᠤᠶ᠋ᠢᠯᠠᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃
      ᠬᠤᠶᠠᠷ ᠲᠠᠯ᠎ᠠ᠎ᠪᠠᠷ ᠵᠶ᠋ᠠᠨ ᠪᠠᠰᠠ ᠳᠠᠷᠠᠭ᠋ᠠᠴᠢ ᠵᠢᠨ ᠠᠯᠬᠤᠮ᠎ᠤᠨ ᠪᠦᠳᠦᠭᠦᠪᠴᠢ ᠬᠡᠯᠡᠯᠴᠡᠭᠡᠷ ᠲᠣᠭᠲᠠᠬᠤ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
      ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠰᠢᠶᠠᠨ᠎ᠤ ᠨᠠᠮ᠎ᠤᠨ ᠬᠤᠷᠢᠶᠠᠨ᠎ᠤ ᠠᠯᠪᠠᠨ ᠭᠡᠷ᠎ᠤᠨ ᠡᠷᠬᠢᠯᠡᠭᠴᠢ ᠵᠤᠤ ᠰᠢᠶᠤᠤ ᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃      

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ