ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ ᠵᠢᠶᠠᠩᠰᠦ ᠮᠤᠵᠢ᠎ᠳᠤ ᠬᠦᠷᠴᠦ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠨᠢᠨ ᠳᠡᠭᠡᠷ᠎ᠡ᠎ᠨᠢ ᠠᠷᠠᠯᠵᠢᠶᠠᠴᠢᠨ ᠤᠷᠢᠬᠤ ᠠᠵᠢᠯ᠎ᠢ ᠥᠷᠨᠢᠭᠦᠯᠪᠡ

ᠨᠡᠶ᠋ᠢᠲᠡᠯᠡᠭᠰᠡᠨ ᠴᠠᠭ᠄   2025-06-09

      6 ᠰᠠᠷ᠎ᠠ ᠵᠢᠨ 3᠎ᠤ ᠡᠳᠦᠷ᠎ᠠᠴᠠ 6᠎ᠤ ᠡᠳᠦᠷ ᠪᠣᠯᠲᠠᠯ᠎ᠠ᠂ ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠬᠤᠳᠠᠯᠳᠤᠭ᠋ᠠᠴᠢᠨ ᠤᠷᠢᠬᠤ ᠰᠢᠨᠵᠢᠯᠡᠨ ᠪᠠᠶ᠋ᠢᠴᠠᠭ᠋ᠠᠬᠤ ᠪᠦᠯᠬᠦᠮ᠎ᠢ ᠳᠠᠭ᠋ᠠᠭᠤᠯᠤᠨ ᠵᠢᠶᠠᠩᠰᠦ ᠮᠤᠵᠢ ᠵᠢᠨ ᠰᠦᠵᠧᠦ᠂ ᠵᠢᠶᠠᠩ ᠶᠢᠨ᠂ ᠴᠠᠩ ᠵᠧᠦ᠂ ᠲᠠᠶ᠋ᠢᠵᠸᠤ ᠵᠡᠷᠭᠡ ᠭᠠᠵᠠᠷ᠎ᠲᠤ ᠬᠦᠷᠴᠦ᠂ ᠰᠢᠨ᠎ᠡ ᠡᠨᠧᠷᠭᠢ ᠵᠢᠨ ᠬᠦᠷᠢᠶᠡᠨ᠎ᠤ ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠢ ᠰᠤᠷᠪᠤᠯᠵᠢᠯᠠᠵᠤ᠂ ᠤᠨᠢᠨ ᠳᠡᠭᠡᠷ᠎ᠡ᠎ᠨᠢ ᠬᠤᠳᠠᠯᠳᠤᠭ᠋ᠠᠴᠢᠨ ᠤᠷᠢᠬᠤ ᠠᠵᠢᠯ᠎ᠢ ᠥᠷᠨᠢᠭᠦᠯᠪᠡ᠃
      ᠰᠦᠵᠧᠦ᠎ᠳᠤ᠂ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠠᠳᠢᠰ ᠨᠡᠷᠡᠨ ᠭᠡᠷᠡᠯᠲᠦ ᠴᠠᠬᠢᠯᠭ᠋ᠠᠨ ᠬᠦᠴᠦᠨ᠎ᠤ ᠪᠦᠯᠦᠭᠯᠡᠯ᠎ᠢ ᠲᠣᠭᠤᠷᠢᠨ ᠦᠵᠡᠭᠰᠡᠨ ᠪᠥᠭᠡᠳ ᠪᠦᠯᠦᠭᠯᠡᠯ᠎ᠤᠨ ᠳᠡᠳ᠋ ᠶᠡᠷᠦᠩᠬᠡᠢ ᠵᠠᠬᠢᠷᠤᠭᠴᠢ ᠸᠠᠩ ᠬᠤᠩ ᠶᠤᠸᠠᠨ᠎ᠲᠠᠢ ᠰᠠᠯᠬᠢ ᠭᠡᠷᠡᠯ ᠤᠰᠤᠲᠥ᠋ᠷᠥᠭᠴᠢ ᠵᠢ ᠨᠢᠭᠡ ᠴᠤᠬ᠍ᠴᠠᠵᠢᠭᠤᠯᠬᠤ ᠲᠦᠷᠦᠯ ᠵᠦᠢ᠍ᠯ᠎ᠢ ᠠᠬᠢᠭᠤᠯᠤᠭᠰᠠᠨ ᠪᠠᠶ᠋ᠢᠳᠠᠯ᠎ᠤᠨ ᠲᠤᠬᠠᠢ ᠭᠦᠨᠵᠡᠭᠡᠢ ᠰᠣᠯᠢᠯᠴᠠᠪᠠ᠃ ᠬᠤ᠌ ᠰᠢᠤᠸᠠᠢ ᠴᠤᠤ ᠳ᠋ᠧᠩᠺᠸᠤ ᠰᠢᠶᠠᠨ᠎ᠤ ᠤᠰᠤᠨ᠎ᠤ ᠡᠬᠢ ᠪᠠᠶᠠᠯᠢᠭ᠂ ᠰᠠᠯᠬᠢᠨ ᠬᠦᠴᠦᠨ᠎ᠤ ᠴᠠᠬᠢᠯᠭ᠋ᠠᠨ᠎ᠤ ᠲᠠᠯᠠᠪᠠᠢ ᠵᠢᠨ ᠭᠠᠵᠠᠷ ᠰᠣᠩᠭᠤᠬᠤ ᠪᠣᠯᠤᠨ ᠤᠰᠤᠲᠥ᠋ᠷᠥᠭᠴᠢ ᠦᠢ᠍ᠯᠡᠳᠬᠦ ᠦᠢ᠍ᠯᠡᠳᠪᠦᠷᠢ ᠵᠢᠨ ᠬᠠᠮᠲᠤᠷᠠᠭᠰᠠᠨ ᠪᠠᠶ᠋ᠢᠷᠢᠰᠢᠭᠤᠯᠤᠯᠲᠠ ᠵᠢᠴᠢ ᠤᠰᠤᠲᠥ᠋ᠷᠥᠭᠴᠢ ᠳᠠᠮᠵᠢᠭᠤᠯᠬᠤ ᠵᠢ ᠰᠢᠩᠭᠡᠭᠡᠬᠦ ᠲᠠᠯ᠎ᠠ ᠵᠢᠨ ᠳᠤᠪᠤᠶ᠋ᠢᠮ᠎ᠠ ᠳᠠᠪᠠᠭᠤᠯᠢᠭ᠎ᠢ ᠨᠠᠷᠢᠨ ᠲᠠᠨᠢᠯᠴᠠᠭᠤᠯᠵᠤ᠂ ᠣᠷᠣᠨ ᠨᠤᠲᠤᠭ ᠠᠵᠤ ᠠᠬᠤᠶ᠋ᠢᠯᠠᠯ ᠬᠤᠶᠠᠷ ᠲᠠᠯ᠎ᠠ᠎ᠪᠠᠷ ᠵᠶ᠋ᠠᠨ ᠤᠯᠤᠯᠴᠠᠭ᠎ᠠ ᠵᠣᠯᠭ᠋ᠠᠯᠴᠠᠭ᠎ᠠ᠎ᠪᠠᠨ ᠴᠢᠨᠠᠭᠰᠢᠳᠠ ᠴᠢᠩᠭ᠋ᠠᠳᠬᠠᠵᠤ᠂ ᠲᠦᠷᠦᠯ ᠵᠦᠢ᠍ᠯ᠎ᠢ ᠡᠷᠲᠡᠬᠡᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠵᠢ ᠬᠦᠰᠡᠪᠡ᠃ ᠸᠠᠩ ᠬᠤᠩ ᠶᠤᠸᠠᠨ ᠠᠳᠢᠰ ᠺᠣᠮᠫᠠᠨᠢ ᠵᠢᠨ ᠲᠤᠰ ᠲᠦᠷᠦᠯ ᠵᠦᠢ᠍ᠯ᠎ᠢ ᠠᠬᠢᠭᠤᠯᠬᠤ ᠲᠤᠬᠢᠷᠠᠭᠤᠯᠤᠯᠳᠠ ᠵᠢ ᠲᠠᠨᠢᠯᠴᠠᠭᠤᠯᠤᠭᠰᠠᠨ ᠪᠥᠭᠡᠳ ᠺᠣᠮᠫᠠᠨᠢ ᠵᠢᠨ ᠳᠣᠲᠣᠭ᠋ᠠᠳᠤ ᠵᠢᠨ ᠬᠢᠨᠠᠨ ᠬᠠᠷᠭᠤᠭᠤᠯᠬᠤ ᠲᠡᠰ ᠳᠠᠷᠠᠭ᠋ᠠᠯᠠᠯ᠎ᠢ ᠲᠦᠷᠭᠡᠨ ᠪᠡᠶᠡᠯᠡᠭᠦᠯᠵᠦ᠂ ᠲᠦᠷᠦᠯ ᠵᠦᠢ᠍ᠯ᠎ᠢ ᠡᠷᠲᠡᠬᠡᠨ ᠨᠠᠶ᠋ᠢᠳᠠᠪᠤᠷᠢᠵᠢᠭᠤᠯᠤᠨ ᠪᠦᠳᠦᠭᠡᠨ ᠪᠠᠶ᠋ᠢᠭᠤᠯᠬᠤ ᠵᠢ ᠠᠬᠢᠭᠤᠯᠤᠨ᠎ᠠ ᠭᠡᠵᠦ ᠢᠯᠡᠳᠬᠡᠪᠡ᠃
      ᠥᠰᠢ᠎ᠳᠤ᠂ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠱᠤᠸᠠᠩ ᠯᠢᠶᠠᠩ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠴᠢ ᠵᠢᠶᠠᠩᠰᠦ ᠵᠢᠨ ᠱᠤᠸᠠᠩ ᠯᠢᠶᠠᠩ ᠤᠰᠤᠲᠥ᠋ᠷᠥᠭᠴᠢ ᠵᠢᠨ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠤᠰᠤᠲᠥ᠋ᠷᠥᠭᠴᠢ ᠦᠢ᠍ᠯᠡᠳᠬᠦ ᠴᠠᠬᠢᠯᠭ᠋ᠠᠨ ᠵᠠᠳᠠᠯᠤᠯ᠎ᠤᠨ ᠣᠩᠭᠤᠴᠠ ᠵᠢᠨ ᠦᠢ᠍ᠯᠡᠳᠪᠦᠷᠢᠯᠡᠯ᠎ᠤᠨ ᠱᠤᠭᠤᠮ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠠᠵᠤ ᠠᠬᠤᠶ᠋ᠢᠯᠠᠯ᠎ᠤᠨ ᠭᠤᠣᠯᠯᠠᠭᠴᠢ ᠲᠤᠬᠠᠶ᠋ᠢᠯᠠᠭᠰᠠᠨ ᠠᠵᠢᠯ ᠪᠣᠯᠤᠨ ᠮᠡᠷᠭᠡᠵᠢᠯ᠎ᠤᠨ ᠳᠠᠪᠠᠭᠤᠯᠢᠭ᠎ᠢ ᠣᠶ᠋ᠢᠯᠠᠭ᠋ᠠᠪᠠ᠃ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠳ᠋ᠧᠩᠺᠸᠤ ᠰᠢᠶᠠᠨ᠎ᠤ ᠣᠷᠣᠨ ᠪᠠᠶ᠋ᠢᠷᠢ᠂ ᠰᠢᠨ᠎ᠡ ᠡᠨᠧᠷᠭᠢ ᠵᠢᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠰᠠᠯᠬᠢ ᠭᠡᠷᠡᠯ ᠵᠶ᠋ᠠᠷ ᠤᠰᠤᠲᠥ᠋ᠷᠥᠭᠴᠢ ᠦᠢ᠍ᠯᠡᠳᠬᠦ ᠲᠦᠷᠦᠯ ᠵᠦᠢ᠍ᠯ᠎ᠢ ᠬᠥᠭᠵᠢᠭᠦᠯᠬᠦ ᠲᠠᠯ᠎ᠠ᠎ᠪᠠᠷ᠎ᠬᠢ ᠬᠠᠷᠢᠴᠠᠭᠤᠯᠤᠭᠰᠠᠨ ᠳᠠᠪᠠᠭᠤᠯᠢᠭ᠎ᠢ ᠭᠤᠣᠯᠳᠠᠯᠭ᠎ᠠ᠎ᠲᠠᠢ ᠲᠠᠨᠢᠯᠴᠠᠭᠤᠯᠤᠭᠰᠠᠨ ᠪᠥᠭᠡᠳ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠴᠠᠬᠢᠯᠭ᠋ᠠᠨ ᠵᠠᠳᠠᠯᠤᠯ᠎ᠤᠨ ᠲᠦᠷᠦᠯ ᠵᠦᠢ᠍ᠯ᠎ᠤᠨ ᠲᠤᠬᠠᠢ ᠵᠣᠯᠭ᠋ᠠᠯᠴᠠᠭ᠎ᠠ ᠬᠢᠵᠡᠢ᠃
      ᠴᠠᠩᠵᠧᠦ᠎ᠳᠤ᠂ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠤᠷᠢᠳ ᠬᠤᠵᠢᠳ ᠠᠮᠠᠳᠦᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠲᠧ ᠷᠦᠢ ᠰᠧ ᠡᠨᠧᠷᠭᠢ ᠵᠢᠨ ᠲᠤᠨᠤᠭ ᠲᠥᠬᠦᠭᠡᠷᠦᠮᠵᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠵᠦᠩ ᠬᠠᠢ ᠴᠠᠬᠢᠯᠭ᠋ᠠᠨ ᠬᠦᠴᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠳᠡᠭᠡᠳᠦ ᠲᠡᠰ᠎ᠤᠨ ᠬᠠᠮᠢᠶᠠᠷᠤᠭᠴᠢ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠰᠢᠨᠵᠢᠯᠡᠨ ᠪᠠᠶ᠋ᠢᠴᠠᠭ᠋ᠠᠬᠤ ᠪᠦᠯᠬᠦᠮ ᠠᠮᠠᠳᠦᠨ ᠬᠡᠷᠡᠯ ᠴᠡᠨᠡᠭ ᠵᠶ᠋ᠠᠷ ᠥᠩᠭᠡᠯᠡᠭᠰᠡᠨ ᠰᠢᠯ᠎ᠢ ᠰᠤᠳᠤᠯᠤᠨ ᠨᠡᠭᠡᠭᠡᠭᠰᠡᠨ ᠵᠢᠴᠢ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠵᠤ᠂ ᠲᠧ ᠷᠦᠢ ᠰᠧ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠴᠢ ᠤᠰᠤᠲᠥ᠋ᠷᠥᠭᠴᠢ ᠬᠡᠢ ᠳᠠᠮᠵᠢᠭᠤᠯᠤᠨ ᠲᠦᠭᠡᠭᠡᠬᠦ ᠬᠦᠷᠢᠶᠡᠨ᠎ᠤ ᠭᠤᠤᠯ ᠦᠢ᠍ᠯᠡᠳᠬᠦᠨ᠎ᠢ ᠲᠣᠭᠤᠷᠢᠨ ᠦᠵᠡᠵᠦ᠂ ᠵᠥᠩ ᠬᠠᠶ ᠴᠠᠬᠢᠯᠭ᠋ᠠᠨ ᠬᠦᠴᠦᠨ᠎ᠤ ᠰᠢᠨ᠎ᠡ ᠡᠨᠧᠷᠭᠢ ᠵᠢᠨ ᠤᠰᠤᠲᠥ᠋ᠷᠥᠭᠴᠢ ᠦᠢ᠍ᠯᠡᠳᠬᠦ ᠴᠠᠬᠢᠯᠭ᠋ᠠᠨ ᠡᠭᠦᠰᠭᠡᠭᠴᠢ ᠵᠢᠨ ᠲᠣᠨᠤᠭ ᠲᠥᠬᠦᠭᠡᠷᠦᠮᠵᠢ ᠵᠢᠴᠢ ᠰᠢᠨ᠎ᠡ ᠡᠨᠧᠷᠭᠢ ᠵᠢᠨ ᠴᠠᠬᠢᠯᠭ᠋ᠠᠨ ᠥᠷᠲᠡᠭᠡ ᠵᠢ ᠰᠢᠨᠵᠢᠯᠡᠨ ᠪᠠᠶ᠋ᠢᠴᠠᠭ᠋ᠠᠪᠠ᠃ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠳ᠋ᠧᠩᠺᠸᠤ ᠰᠢᠶᠠᠨ᠎ᠤ ᠰᠢᠨ᠎ᠡ ᠡᠨᠧᠷᠭᠢ ᠵᠢᠨ ᠬᠥᠭᠵᠢᠯᠲᠡ ᠵᠢᠨ ᠣᠳᠣᠬᠢ ᠪᠠᠶ᠋ᠢᠳᠠᠯ ᠪᠣᠯᠤᠨ ᠥᠪᠡᠷᠲᠡᠭᠡᠨ ᠵᠠᠰᠠᠬᠤ ᠣᠷᠣᠨ᠎ᠤ 《ᠨᠢᠭᠡ ᠡᠰᠢ ᠬᠤᠶᠠᠷ ᠲᠣᠭᠤᠷᠢᠯ ᠲᠦᠷᠪᠡᠨ ᠭᠠᠳᠠᠭ᠋ᠠᠳᠤ᠎ᠳᠤ ᠭᠠᠷᠭ᠋ᠠᠬᠤ》 ᠪᠣᠬᠢᠷᠲᠤᠯ ᠦᠭᠡᠢ ᠤᠰᠤᠲᠥ᠋ᠷᠥᠭᠴᠢ ᠵᠢ ᠬᠦᠷᠭᠡᠬᠦ ᠬᠤᠭᠤᠯᠠᠢ ᠵᠢᠨ ᠲᠥᠯᠥᠪᠵᠢᠭᠦᠯᠭᠡ᠎ᠳᠠᠬᠢ ᠳ᠋ᠧᠩᠺᠸᠤ - ᠦᠬᠠᠢ ᠵᠢᠨ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠵᠢᠨ ᠠᠬᠢᠴᠠ ᠵᠢᠨ ᠪᠠᠶ᠋ᠢᠳᠠᠯ᠎ᠢ ᠭᠤᠣᠯᠳᠠᠯᠭ᠎ᠠ᠎ᠲᠠᠢ ᠲᠠᠨᠢᠯᠴᠠᠭᠤᠯᠤᠭᠰᠠᠨ ᠪᠥᠭᠡᠳ ᠲᠧ ᠷᠦᠢ ᠰᠧ ᠳ᠋ᠧᠩ᠎ᠳᠤ ᠤᠷᠢᠵᠤ ᠦᠢ᠍ᠯᠡᠳᠪᠦᠷᠢᠯᠡᠯ᠎ᠤᠨ ᠰᠠᠭᠤᠷᠢᠨ᠎ᠢ ᠰᠢᠨᠵᠢᠯᠡᠨ ᠪᠠᠶ᠋ᠢᠴᠠᠭ᠋ᠠᠵᠤ ᠪᠠᠶ᠋ᠢᠷᠢᠰᠢᠭᠤᠯᠪᠠ᠃
      ᠲᠠᠶ᠋ᠢᠵᠧᠦ᠎ᠳᠤ᠂ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠵᠦᠩ ᠵᠢᠩ (᠎ᠲᠠᠢ ᠵᠧᠦ) ᠤᠰᠤᠲᠥ᠋ᠷᠥᠭᠴᠢ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢ ᠲᠣᠭᠤᠷᠢᠨ ᠦᠵᠡᠵᠦ᠂ ᠲᠡᠭᠦᠨ᠎ᠤ ᠥᠨᠳᠥᠷ ᠪᠦᠲᠦᠮᠵᠢᠲᠡᠢ ᠠᠮᠤᠷ ᠲᠦᠪᠰᠢᠨ ᠬᠠᠲᠠᠭᠤ ᠪᠡᠶᠡᠲᠦ ᠤᠰᠤᠲᠥ᠋ᠷᠥᠭᠴᠢ ᠬᠠᠳᠠᠭ᠋ᠠᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠵᠢᠴᠢ ᠬᠡᠷᠡᠭᠯᠡᠬᠦ ᠵᠢ ᠤᠢ᠍ᠢ᠍ᠯᠠᠭ᠋ᠠᠭᠰᠠᠨ ᠪᠥᠭᠡᠳ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠯᠢ ᡁᠢ ᠨᠢᠶᠠᠨ ᠨᠠᠷ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠳ᠋ᠧᠩᠺᠸᠤ ᠰᠢᠶᠠᠨ᠎ᠤ ᠡᠯᠪᠡᠭ ᠪᠠᠶᠠᠯᠢᠭ ᠪᠣᠬᠢᠷᠲᠤᠯ ᠦᠭᠡᠢ ᠴᠠᠬᠢᠯᠭ᠋ᠠᠨ᠎ᠤ ᠡᠬᠢ ᠪᠠᠶᠠᠯᠢᠭ ᠪᠣᠯᠤᠨ ᠴᠠᠬᠢᠯᠭ᠋ᠠᠨ᠎ᠤ ᠦᠨ᠎ᠡ ᠵᠢᠨ ᠳᠠᠪᠠᠭᠤᠯᠢᠭ᠎ᠢ ᠣᠨᠴᠠᠭ᠋ᠠᠶ᠋ᠢᠯᠠᠨ ᠴᠢᠬᠤᠯᠠᠴᠢᠯᠠᠵᠤ᠂ ᠵᠦᠩ ᠵᠢᠩ ᠨᠥᠭᠡᠴᠡᠯᠡᠬᠦ ᠤᠰᠤᠲᠥ᠋ᠷᠥᠭᠴᠢ ᠵᠢᠨ ᠵᠠᠭᠤᠴᠢ ᠵᠢᠨ ᠬᠠᠶ᠋ᠢᠯᠤᠭᠤᠯᠤᠨ ᠪᠣᠯᠪᠠᠰᠤᠷᠠᠭᠤᠯᠬᠤ ᠭᠤᠭᠴᠤᠭ᠎ᠠ ᠵᠢᠨ ᠡᠨᠧᠷᠭᠢ ᠬᠡᠷᠡᠭᠯᠡᠬᠦ ᠥᠪᠡᠷ᠎ᠤᠨ ᠦᠷᠳᠡᠭ᠎ᠢ ᠶᠡᠬᠡᠪᠡᠷ ᠪᠠᠭᠤᠷᠠᠭᠤᠯᠵᠤ᠂ ᠠᠵᠤ ᠠᠬᠤᠶ᠋ᠢᠯᠠᠯ᠎ᠤᠨ ᠤᠢ᠍ᠢ᠍ᠷ᠎ᠠ ᠵᠢᠨ ᠬᠤᠭᠤᠴᠠᠭ᠋ᠠᠨ᠎ᠳᠤ ᠪᠣᠳᠠᠲᠠᠢ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠬᠤ ᠵᠢ ᠴᠢᠩ ᠰᠡᠳᠬᠢᠯ᠎ᠠᠴᠠ᠎ᠪᠠᠨ ᠤᠷᠢᠵᠤ᠂ ᠬᠠᠲᠠᠭᠤ ᠪᠡᠶᠡᠲᠦ ᠤᠰᠤᠲᠥ᠋ᠷᠥᠭᠴᠢ ᠬᠠᠳᠠᠭ᠋ᠠᠯᠠᠬᠤ ᠲᠥᠬᠦᠭᠡᠷᠦᠮᠵᠢ ᠦᠢ᠍ᠯᠡᠳᠬᠦ ᠵᠢᠴᠢ ᠪᠣᠬᠢᠷᠲᠤᠯ ᠦᠭᠡᠢ ᠴᠠᠬᠢᠯᠭ᠋ᠠᠨ ᠵᠶ᠋ᠠᠷ ᠬᠠᠶ᠋ᠢᠯᠤᠭᠤᠯᠬᠤ ᠲᠦᠷᠦᠯ ᠵᠦᠢ᠍ᠯ᠎ᠤᠨ ᠬᠠᠮᠲᠤᠷᠠᠯᠴᠠᠭ᠎ᠠ ᠵᠢ ᠬᠠᠮᠲᠤᠪᠠᠷ ᠵᠥᠪᠳᠡᠯᠴᠡᠭᠰᠡᠨ ᠪᠠᠶ᠋ᠢᠨ᠎ᠠ᠃
      ᠲᠣᠰ ᠤᠳᠠᠭ᠋ᠠᠨ᠎ᠤ ᠬᠤᠳᠠᠯᠳᠤᠭ᠋ᠠᠴᠢᠨ ᠤᠷᠢᠬᠤ ᠠᠵᠢᠯᠯᠠᠭ᠎ᠠ᠎ᠨᠢ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠪᠠ ᠤᠰᠤᠲᠥ᠋ᠷᠥᠭᠴᠢ ᠡᠨᠧᠷᠭᠢ ᠵᠢᠨ ᠬᠡᠷᠡᠭᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠲᠥᠷᠥᠯ᠎ᠤᠨ ᠡᠮᠦᠨ᠎ᠡ ᠵᠠᠬ᠎ᠠ ᠵᠢᠨ ᠠᠵᠤ ᠠᠬᠤᠶ᠋ᠢᠯᠠᠯ᠎ᠲᠠᠢ ᠭᠦᠨᠵᠡᠭᠡᠶ ᠵᠣᠯᠭ᠋ᠠᠭᠤᠯᠵᠤ᠂ ᠳ᠋ᠧᠩᠺᠸᠦ ᠰᠢᠶᠠᠨ᠎ᠤ ᠰᠢᠨ᠎ᠡ ᠡᠨᠧᠷᠭᠢ ᠵᠢᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠬᠤ᠎ᠳᠤ ᠬᠠᠮᠲᠤᠷᠠᠯᠴᠠᠭ᠋ᠠᠨ᠎ᠤ ᠣᠷᠣᠨ ᠵᠠᠶ ᠵᠢ ᠥᠷᠭᠡᠳᠬᠡᠪᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ