ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ ᠬᠠᠷ᠎ᠠ ᠬᠠᠯᠢᠮᠤ ᠵᠢᠨ ᠡᠨᠧᠷᠭᠢ ᠵᠢᠨ ᠡᠬᠢ ᠰᠤᠷᠪᠤᠯᠵᠢ ᠵᠢ ᠬᠠᠮᠲᠤ᠎ᠪᠠᠷ ᠵᠥᠪᠳᠡᠯᠴᠡᠬᠦ ᠠᠭ᠋ᠠᠷ᠎ᠤᠨ ᠨᠡᠭᠦᠷᠡᠰᠦᠲᠥ᠋ᠷᠥᠭᠴᠢ ᠵᠢᠨ ᠲᠥᠷᠥᠯ ᠵᠦᠢ᠍ᠯ᠎ᠤᠨ ᠬᠥᠭᠵᠢᠯᠲᠡ ᠵᠢ ᠰᠢᠨᠵᠢᠯᠡᠨ ᠪᠠᠶ᠋ᠢᠴᠠᠭ᠋ᠠᠪᠠ

ᠨᠡᠶ᠋ᠢᠲᠡᠯᠡᠭᠰᠡᠨ ᠴᠠᠭ᠄   2025-06-23

      ᠰᠢᠨᠵᠢᠯᠡᠨ ᠪᠠᠶ᠋ᠢᠴᠠᠭ᠋ᠠᠬᠤ ᠪᠦᠯᠬᠦᠮ᠎ᠤᠨ᠎ᠬᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ᠎ᠳᠤ ᠭᠦᠨᠵᠡᠭᠡᠶ᠋ᠢᠷᠡᠵᠦ᠂ DAC ᠮᠡᠷᠭᠡᠵᠢᠯ᠎ᠤᠨ ᠠᠵᠢᠯᠯᠠᠭ᠋ᠠᠨ᠎ᠤ ᠪᠦᠬᠦ ᠶᠠᠪᠤᠴᠠ ᠵᠢ ᠨᠠᠷᠢᠨ ᠣᠶ᠋ᠢᠯᠠᠭ᠋ᠠᠬᠤ ᠵᠢᠨ ᠬᠠᠮᠲᠤ ᠲᠤᠰᠬᠠᠢ ᠰᠡᠳᠦᠪᠲᠦ ᠶᠠᠷᠢᠯᠴᠠᠬᠤ ᠬᠤᠷᠠᠯ᠎ᠳᠤ ᠣᠷᠣᠯᠴᠠᠪᠠ᠃ DAC ᠮᠡᠷᠭᠡᠵᠢᠯ᠎ᠨᠢ ᠵᠠᠩᠭᠢᠯᠠᠭ᠎ᠠ ᠵᠢᠨ ᠰᠥᠭᠡᠷᠭᠦ ᠨᠡᠭᠦᠷᠡᠰᠦᠲᠥ᠋ᠷᠥᠭᠴᠢ ᠵᠢᠨ ᠮᠡᠷᠭᠡᠵᠢᠯ ᠪᠣᠯᠤᠭᠰᠠᠨ᠎ᠤ ᠬᠤᠪᠢ᠎ᠳᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠎ᠳᠤ ᠳᠤᠲᠠᠭᠳᠠᠵᠤ ᠪᠣᠯᠤᠰᠢ ᠦᠭᠡᠢ ᠵᠠᠮ ᠮᠥᠨ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠲᠦᠢ᠍ᠯ᠎ᠤᠨ ᠴᠢᠬᠤᠯᠠ ᠶᠤᠮ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ᠎ᠪᠠᠷ ᠵᠶ᠋ᠠᠨ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ ᠪᠣᠳᠠᠲᠠᠢ ᠵᠢ ᠡᠷᠬᠢᠮᠯᠡᠨ ᠰᠤᠳᠤᠯᠤᠨ ᠶᠠᠷᠢᠯᠴᠠᠪᠠ᠃

今日磴口20250623-2.jpg

  

      ᠲᠣᠰ ᠤᠳᠠᠭ᠋ᠠᠨ᠎ᠤ ᠰᠢᠨᠵᠢᠯᠡᠨ ᠪᠠᠶ᠋ᠢᠴᠠᠭ᠋ᠠᠯᠲᠠ᠎ᠨᠢ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠡᠨᠡ ᠬᠦ᠌ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠠᠴᠢ ᠬᠤᠯᠪᠣᠭᠳᠠᠯ᠎ᠲᠠᠢ ᠨᠡᠭᠦᠷᠡᠰᠦᠲᠥ᠋ᠷᠥᠭᠴᠢ ᠵᠢᠨ ᠮᠡᠷᠭᠡᠵᠢᠯ᠎ᠤᠨ ᠲᠥᠷᠥᠯ ᠵᠦᠢ᠍ᠯ᠎ᠤᠨ ᠲᠤᠬᠠᠶ ᠵᠢᠨ ᠭᠠᠵᠠᠷ᠎ᠲᠤ ᠬᠥᠭᠵᠢᠬᠦ ᠵᠢ ᠬᠠᠮᠲᠤ᠎ᠪᠠᠷ ᠠᠬᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃
      ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠵᠢᠴᠢ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠡᠯᠡ ᠣᠷᠣᠭᠤᠯᠤᠯᠲᠠ ᠵᠢ ᠠᠬᠢᠭᠤᠯᠬᠤ ᠲᠥᠪ᠎ᠤᠨ ᠬᠠᠷᠢᠭᠤᠴᠠᠯᠭ᠋ᠠᠲᠠᠨ ᠲᠤᠰ ᠤᠳᠠᠭ᠋ᠠᠨ᠎ᠤ ᠰᠢᠨᠵᠢᠯᠡᠨ ᠪᠠᠶ᠋ᠢᠴᠠᠭ᠋ᠠᠯᠲᠠ᠎ᠳᠤ ᠣᠷᠣᠯᠴᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ