ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ 2025 ᠣᠨ᠎ᠤ 7 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠲᠤᠬᠠᠢ ᠰᠤᠷᠤᠯᠴᠠᠵᠤ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-06-16
6 ᠰᠠᠷ᠎ᠠ ᠵᠢᠨ 13᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ ᠯᠢ ᡁᠢ ᠰᠢᠦ᠋ᠩ 2025 ᠣᠨ᠎ᠤ 7 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠲᠤᠬᠠᠢ ᠰᠤᠷᠤᠯᠴᠠᠵᠤ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠰᠢ ᠦᠭᠡᠢ ᠨᠠᠶ᠋ᠢᠳᠠᠪᠤᠷᠢᠵᠢᠭᠤᠯᠵᠤ᠂ ᠰᠢᠯᠢᠳᠡᠭ ᠨᠠᠮ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠬᠥᠲᠥᠯᠥᠨ ᠳᠠᠭ᠋ᠠᠭᠤᠯᠬᠤ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃
ᠬᠤᠷᠠᠯ᠎ᠠᠴᠠ᠂ ᠰᠢᠶᠠᠨ᠎ᠤ ᠨᠠᠮ᠎ᠤᠨ ᠬᠤᠷᠢᠶᠠᠨ᠎ᠤ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠶᠣᠰᠣᠭ᠋ᠠᠷ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠬᠤ ᠬᠡᠷᠡᠭᠲᠡᠢ᠃ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠤᠨ ᠤᠯᠤᠰ ᠲᠦᠷᠦ ᠵᠢᠨ ᠮᠥᠨ ᠴᠢᠨᠠᠷ ᠪᠣᠯᠤᠨ ᠤᠯᠤᠰ ᠲᠦᠷᠦ ᠵᠢᠨ ᠬᠤᠣᠷ ᠬᠥᠨᠥᠭᠡᠯ᠎ᠢ ᠭᠦᠨᠵᠡᠭᠡᠢ ᠲᠠᠨᠢᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ᠎ᠢ ᠰᠠᠬᠢᠬᠤ ᠵᠢ ᠮᠡᠳᠡᠬᠦ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠪᠡᠶ᠎ᠡ᠎ᠪᠠᠷ ᠵᠶ᠋ᠠᠨ ᠬᠡᠪ ᠲᠦᠷᠢᠮ ᠪᠤᠯᠵᠤ᠂ ᠳᠡᠭᠡᠳᠦ ᠱᠠᠳᠤ᠎ᠨᠢ ᠲᠤᠤᠷᠠᠳᠤ ᠱᠠᠳᠤ᠎ᠪᠠᠨ ᠳᠠᠭ᠋ᠠᠭᠤᠯᠵᠤ᠂ ᠨᠢᠭᠡ ᠤᠳᠠᠭ᠎ᠠ ᠵᠢᠨ ᠶᠡᠭᠡ ᠪᠠᠶ᠋ᠢᠴᠠᠭ᠋ᠠᠯᠲᠠ᠂ ᠶᠡᠭᠡ ᠡᠷᠭᠢᠴᠡᠭᠦᠯᠦᠯ᠂ ᠶᠡᠭᠡ ᠰᠡᠷᠡᠮᠵᠢᠯᠡᠭᠦᠯᠦᠯ᠎ᠢ ᠲᠦᠢ᠍ᠯᠪᠤᠷᠢᠲᠠᠢ ᠬᠢᠵᠦ᠂ ᠪᠠᠶ᠋ᠢᠴᠠᠭ᠋ᠠᠵᠤ ᠭᠠᠷᠭ᠋ᠠᠭᠰᠠᠨ ᠠᠰᠠᠭᠤᠳᠠᠯ᠎ᠤᠨ ᠰᠦᠪᠡᠭᠴᠢ ᠪᠣᠯᠤᠨ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠰᠦᠷᠦᠨ ᠰᠠᠬᠢᠯᠭ᠎ᠠ ᠪᠠᠲᠤ᠎ᠠᠴᠠ ᠵᠥᠷᠢᠴᠡᠭᠰᠡᠨ ᠠᠰᠠᠭᠤᠳᠠᠯ᠎ᠢ ᠤᠷᠢᠳᠠᠪᠠᠷ ᠬᠢᠨᠠᠨ ᠪᠠᠶ᠋ᠢᠴᠠᠭ᠋ᠠᠵᠤ ᠰᠢᠢ᠍ᠳᠪᠦᠷᠢᠯᠡᠬᠦ ᠬᠡᠷᠡᠭᠲᠡᠢ᠃ ᠬᠡᠷᠡᠭ ᠵᠶ᠋ᠠᠷ ᠥᠭᠡᠷᠡᠴᠢᠯᠡᠯᠲᠡ ᠵᠢ ᠠᠬᠢᠭᠤᠯᠵᠤ ᠵᠠᠰᠠᠯᠲᠠ ᠵᠢ ᠠᠬᠢᠭᠤᠯᠬᠤ ᠵᠢ ᠭᠦᠨᠵᠡᠭᠡᠶ᠋ᠢᠷᠡᠭᠦᠯᠵᠦ᠂ 《ᠲᠦᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠬᠤ᠂ ᠰᠢᠨ᠎ᠡ ᠰᠤᠷᠲᠠᠯ᠎ᠢ ᠪᠤᠢ ᠪᠣᠯᠭ᠋ᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠬᠦᠯᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠵᠢ 《ᠠᠷᠪᠢᠯᠠᠨ ᠭᠠᠮᠨᠠᠬᠤ》 ᠵᠢ ᠠᠬᠢᠭᠤᠯᠬᠤ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ᠂ ᠵᠠᠩ ᠳᠠᠳᠬᠠᠯ᠎ᠢ ᠥᠭᠡᠷᠡᠴᠢᠯᠡᠬᠦ ᠵᠡᠷᠭᠡ ᠠᠵᠢᠯ᠎ᠲᠠᠢ ᠤᠶᠠᠯᠳᠤᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠩᠭᠤ ᠠᠳᠬᠤᠵᠤ᠂ ᠡᠳᠦᠷ ᠲᠤᠳᠤᠮ᠎ᠤᠨ ᠠᠵᠢᠯ᠎ᠳᠤ ᠠᠭᠤᠰᠤᠯᠴᠠᠭᠤᠯᠬᠤ ᠵᠢ ᠠᠬᠢᠭᠤᠯᠬᠤ ᠬᠡᠷᠡᠭᠲᠡᠢ᠃
ᠰᠢᠶᠠᠨ᠎ᠤ ᠤᠳᠤᠷᠢᠳᠤᠯᠭ᠎ᠠ ᠰᠢᠤᠸᠠᠢ ᠶᠤᠸᠠᠨ᠂ ᠬᠠᠨ ᠷᠦᠢ᠂ ᠮᠧᠩ ᠯᠧ᠂ ᠾᠧ ᠷᠦᠩ᠂ ᠯᠢ ᠸᠧᠨ ᠹᠠᠩ᠂ ᠲᠠᠩ ᠳ᠋ᠦᠩ ᠨᠢᠶᠠᠨ᠂ ᠬᠤ᠌ ᠰᠢᠤᠸᠠᠢ ᠴᠤᠤ ᠬᠤᠷᠠᠯ᠎ᠳᠤ ᠣᠷᠣᠯᠴᠠᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ