ᠪᠠᠶᠠᠨᠭᠤᠤᠯ ᠪᠠᠯᠭ᠋ᠠᠰᠤᠨ ᠤᠤ? ᠰᠢᠷ᠎ᠠ ᠲᠦᠪᠡᠳ ᠬᠠᠰᠢ ᠵᠢ ᠲᠡᠭᠦᠦ ᠤᠤ? ᠡᠨᠳᠡᠬᠢ ᠵᠢᠨ 《ᠠᠯᠲᠠᠨ ᠵᠢᠮᠢᠰ》 ᠰᠢᠨ᠎ᠡ ᠰᠣᠷᠭᠤᠭ ᠵᠠᠬ᠎ᠠ ᠳᠡᠯᠭᠡᠭᠦᠷ᠎ᠲᠤ ᠭᠠᠷᠪᠠ ~
ᠨᠡᠶ᠋ᠢᠲᠡᠯᠡᠭᠰᠡᠨ ᠴᠠᠭ᠄ 2025-06-23
ᠵᠢᠮᠢᠰ ᠠᠪᠤᠪᠠ! ᠵᠢᠮᠢᠰ ᠠᠪᠤᠪᠠ!
ᠳ᠋ᠧᠩᠺᠸᠤ ᠵᠢᠨ ᠬᠤᠸᠠ ᠯᠠᠢ ᠱ᠌ᠢ ᠭᠤᠸ᠎ᠠ ᠵᠢᠨ ᠣᠨᠴᠠᠯᠢᠭᠲᠤ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ 《ᠠᠯᠲᠠᠨ ᠵᠢᠮᠢᠰ》
ᠡᠯᠪᠡᠭ ᠬᠤᠷᠢᠶᠠᠯᠲᠠ᠎ᠪᠠᠨ ᠣᠯᠬᠤ
ᠨᠢᠭᠡ ᠬᠡᠰᠡᠭ ᠰᠢᠷᠭ᠋ᠠᠯ
ᠲᠦᠨᠲᠦᠭᠡ
ᠨᠣᠮᠢᠨ ᠨᠣᠭᠤᠭ᠋ᠠᠨ ᠣᠷᠢᠶᠠᠩᠭᠤ ᠣᠷᠢᠶᠠᠩᠭᠤ ᠳᠤᠮᠳᠠ ᠰᠠᠯᠠᠭ᠎ᠠ ᠳᠦᠭᠦᠷᠡᠩ ᠴᠢᠮᠡᠬᠦ
ᠳᠤᠯᠠᠭ᠋ᠠᠨ ᠨᠠᠷᠠ ᠬᠥᠮᠥᠨ᠎ᠤ ᠰᠡᠳᠬᠢᠯ᠎ᠢ ᠲᠠᠲᠠᠮ᠎ᠠ ᠭᠢᠯᠠᠯᠵᠠᠭᠤᠯᠤᠨ᠎ᠠ
ᠠᠭ᠋ᠠᠷ᠎ᠲᠤ ᠵᠢᠮᠢᠰ᠎ᠤᠨ ᠠᠩᠬᠢᠯᠤᠮ᠎ᠠ ᠦᠨᠦᠷ ᠬᠠᠩᠬᠤᠯᠤᠨ᠎ᠠ᠃
ᠡᠯᠪᠡᠭ ᠬᠤᠷᠢᠶᠠᠯᠲᠠ ᠵᠢᠨ ᠪᠠᠶᠠᠷ ᠪᠠᠭ᠍ᠠᠳᠤᠯ ᠪᠠ ᠠᠵᠢᠯᠴᠢ ᠬᠥᠳᠡᠯᠮᠦᠷᠢᠴᠢ᠎ᠪᠠᠷ ᠪᠠᠶᠠᠵᠢᠬᠤ ᠰᠠᠶ᠋ᠢᠨ ᠰᠠᠶ᠋ᠢᠬᠠᠨ ᠬᠦᠰᠡᠯ ᠡᠷᠡᠮᠡᠯᠵᠡᠯ
ᠵᠡᠷᠭᠡ ᠵᠡᠷᠭᠡ ᠵᠢᠨ ᠵᠢᠷᠤᠭ
ᠵᠢᠮᠢᠰ᠎ᠤᠨ ᠲᠠᠷᠢᠶᠠᠴᠢᠨ ᠵᠡᠯ᠎ᠡ ᠳᠡᠭᠡᠷ᠎ᠡ᠎ᠠᠴᠠ ᠨᠢᠭᠡ ᠰᠢᠷ᠎ᠠ ᠲᠥᠪᠡᠳ ᠬᠠᠰᠢ ᠵᠢᠨ ᠠᠷᠠᠰᠤ ᠨᠢᠮᠭᠡᠯᠡᠪᠡ᠃
ᠰᠢᠭᠦᠳᠡᠷᠢ ᠵᠢᠨ ᠤᠰᠤ ᠡᠯᠪᠡᠭ ᠳᠡᠯᠪᠡᠭ ᠣᠷᠣᠬᠤ ᠡᠭᠦᠳᠡ ᠥᠳᠬᠡᠨ ᠠᠩᠬᠢᠯᠤᠮ᠎ᠠ ᠰᠠᠶ᠋ᠢᠬᠠᠨ ᠠᠮᠲᠠᠲᠠᠢ᠃
ᠬᠦᠯᠡᠮᠵᠢ᠎ᠳᠤ ᠨᠣᠭᠤᠭ᠋ᠠᠨ ᠦᠩᠭᠡ᠎ᠪᠠᠷ ᠪᠢᠯᠬᠠᠵᠤ᠂ ᠬᠥᠮᠦᠰ᠎ᠤᠨ ᠪᠠᠭ᠍ᠠᠷᠬᠠᠯ᠎ᠢ ᠲᠠᠲᠠᠳᠠᠭ ᠡᠯᠡᠰᠦᠨ ᠴᠦᠯ᠎ᠤᠨ ᠰᠢᠷ᠎ᠠ ᠲᠥᠪᠡᠳ ᠬᠠᠰᠢ ᠵᠢ ᠴᠢᠮᠡᠭᠯᠡᠬᠦ᠎ᠳᠤ᠂ ᠤᠷᠭᠤᠴᠠ᠎ᠨᠢ ᠬᠥᠮᠦᠨ᠎ᠢ ᠪᠠᠶᠠᠰᠬᠠᠨ᠎ᠠ᠃ ᠠᠵᠢᠯᠴᠢᠳ ᠰᠦᠯᠵᠢᠯᠳᠦᠵᠦ᠂ ᠪᠣᠯᠪᠠᠰᠤᠷᠠᠭᠰᠠᠨ ᠰᠢᠷ᠎ᠠ ᠲᠥᠪᠡᠳ ᠬᠠᠰᠢ ᠲᠡᠭᠦᠬᠦ᠎ᠪᠠᠷ ᠶᠠᠭ᠋ᠠᠷᠠᠵᠤ᠂ ᠡᠯᠡᠰᠦᠨ ᠴᠦᠯ᠎ᠳᠠᠬᠢ ᠰᠢᠷ᠎ᠠ ᠲᠥᠪᠡᠳ ᠬᠠᠰᠢ ᠤᠷᠭᠤᠳᠠᠭ᠂ ᠬᠡᠷᠡᠯ᠎ᠤᠨ ᠲᠤᠰᠤᠯᠲᠠ ᠨᠠᠩ ᠭᠦᠢ᠍ᠴᠡᠳ᠂ ᠡᠳᠦᠷ ᠰᠥᠨᠢ ᠵᠢᠨ ᠳᠤᠯᠠᠭ᠋ᠠᠨ᠎ᠤ ᠵᠥᠷᠢᠶ᠎ᠡ ᠶᠡᠭᠡ ᠪᠠᠶ᠋ᠢᠵᠤ᠂ ᠱᠠᠪᠲᠠᠯ᠎ᠠ ᠵᠢᠨ ᠠᠮᠲᠠ ᠨᠠᠩ ᠰᠠᠶ᠋ᠢᠨ ᠪᠠᠶ᠋ᠢᠳᠠᠭ᠃ 《ᠡᠯᠡᠰᠦᠨ ᠴᠦᠯ᠎ᠤᠨ ᠰᠢᠷ᠎ᠠ ᠲᠥᠪᠡᠳ ᠬᠠᠰᠢ ᠪᠣᠯᠪᠠᠰᠤᠷᠠᠭᠰᠠᠨ᠎ᠠᠴᠠ ᠨᠠᠰᠢ᠂ ᠡᠳᠦᠷ ᠪᠦᠷᠢ ᠴᠥᠭᠡᠨ ᠪᠤᠰᠤ ᠬᠥᠮᠥᠨ ᠤᠷᠢᠳᠴᠢᠯᠠᠨ ᠵᠠᠬᠢᠶᠠᠯᠠᠵᠤ ᠬᠤᠳᠠᠯᠳᠤᠨ ᠠᠪᠬᠤ᠎ᠪᠠᠷ ᠢᠷᠡᠳᠡᠭ᠂ ᠮᠠᠨ᠎ᠤ ᠲᠥᠪᠡᠳ ᠬᠠᠰᠢ ᠨᠣᠭᠤᠭ᠋ᠠᠨ ᠲᠠᠯ᠎ᠠ᠎ᠪᠠᠷ ᠬᠤᠣᠷ ᠦᠭᠡᠢ᠂ ᠪᠣᠯᠪᠠᠰᠤᠷᠠᠭᠤᠯᠤᠭᠴᠢ ᠡᠮ ᠬᠡᠷᠡᠭᠯᠡᠬᠦ ᠦᠭᠡᠢ᠂ ᠠᠶᠠᠨᠳᠠᠭ᠋ᠠᠨ ᠪᠣᠯᠪᠠᠰᠤᠷᠠᠳᠠᠭ᠃ ᠨᠡᠶ᠋ᠢᠲᠡ 4 ᠮᠦ᠍ ᠲᠠᠷᠢᠵᠤ᠂ ᠵᠢᠩ ᠪᠦᠷᠢ᠎ᠳᠡᠭᠡᠨ 6 ᠲᠥᠭᠦᠷᠢᠭ ᠬᠤᠳᠠᠯᠳᠤᠳᠠᠭ》᠃ ᠵᠢᠮᠢᠰ᠎ᠤᠨ ᠬᠦᠷᠢᠶᠡᠯᠡᠩ᠎ᠤᠨ ᠬᠠᠷᠢᠭ᠍ᠤᠴᠠᠯᠭ᠍ᠠᠲᠠᠨ ᠹᠧᠩ ᠷᠦ᠋ ᠢ ᠲᠠᠨᠢᠯᠴᠠᠭᠤᠯᠪᠠ᠃
ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠠᠵᠤ ᠦᠢ᠍ᠯᠡᠰ᠎ᠲᠤ ᠲᠦᠰᠢᠭᠯᠡᠵᠦ᠂ ᠠᠵᠤ ᠦᠢ᠍ᠯᠡᠰ᠎ᠤᠨ ᠬᠥᠭᠵᠢᠯᠲᠡ ᠵᠢ ᠣᠨᠴᠠᠯᠢᠭᠲᠤ ᠲᠦᠰᠢᠭᠯᠡᠨ᠎ᠡ᠃ ᠤᠢ᠍ᠢ᠍ᠷ᠎ᠠ ᠵᠢᠨ ᠵᠢᠯ᠎ᠠᠴᠠ᠂ ᠪᠠᠶᠠᠨᠭᠤᠣᠯ ᠪᠠᠯᠭ᠋ᠠᠰᠤ ᠣᠷᠣᠨ ᠪᠦᠰᠡ ᠵᠢᠨ ᠳᠠᠪᠠᠭᠤᠯᠢᠭ ᠪᠣᠯᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠲᠠᠷᠢᠶᠠᠯᠠᠩ᠎ᠤᠨ ᠲᠠᠷᠢᠮᠠᠯ᠎ᠤᠨ ᠪᠦᠲᠦᠴᠡ ᠵᠢ ᠢᠳᠡᠪᠬᠢᠲᠡᠢ ᠲᠤᠬᠢᠷᠠᠭᠤᠯᠵᠤ᠂ ᠰᠢᠯᠢᠳᠡᠭ ᠡᠭᠦᠯᠳᠡᠷ᠎ᠢ ᠣᠷᠣᠭᠤᠯᠤᠨ ᠠᠪᠴᠢᠷᠠᠵᠤ᠂ ᠲᠡᠷᠢᠭᠦᠨ᠎ᠤ ᠲᠠᠷᠢᠮᠠᠯ᠎ᠤᠨ ᠮᠡᠷᠭᠡᠵᠢᠯ᠎ᠢ ᠳᠡᠯᠭᠡᠷᠡᠭᠦᠯᠵᠦ᠂ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠲᠠᠰᠤᠷᠠᠯᠳᠡ ᠦᠭᠡᠢ ᠬᠥᠳᠡᠯᠭᠡᠬᠦ ᠬᠦᠴᠦᠨ ᠨᠡᠮᠡᠷᠢᠯᠡᠪᠡ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ