ᠰᠣᠨᠢᠨ ᠮᠡᠳᠡᠭᠡ   -   ᠦᠨᠥᠳᠥᠷ᠎ᠤᠨ ᠳ᠋ᠧᠩᠺᠸᠥ᠍ ᠰᠢᠶᠠᠨ

ᠯᠢ ᡁᠢ ᠰᠢᠶᠦ᠋ᠩ ᠪᠦᠬᠦ ᠰᠢᠶᠠᠨ᠎ᠤ ᠠᠵᠤ ᠠᠬᠤᠢ ᠵᠢᠨ ᠠᠵᠢᠯ᠎ᠢ ᠠᠬᠢᠭᠤᠯᠬᠤ ᠬᠤᠷᠠᠯ᠎ᠢ ᠡᠷᠬᠢᠯᠡᠨ ᠬᠤᠷᠠᠯᠳᠤᠭᠤᠯᠪᠠ

ᠨᠡᠶ᠋ᠢᠲᠡᠯᠡᠭᠰᠡᠨ ᠴᠠᠭ᠄   2025-06-03

      5 ᠰᠠᠷ᠎ᠠ ᠵᠢᠨ 30᠎ᠤ ᠡᠳᠦᠷ᠂ ᠳ᠋ᠧᠩᠺᠸᠦ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ ᠯᠢ ᡁᠢ ᠰᠢᠶᠦ᠋ᠩ ᠪᠥᠬᠦ ᠰᠢᠶᠠᠨ᠎ᠤ ᠠᠵᠤ ᠠᠬᠤᠶ ᠵᠢᠨ ᠠᠵᠢᠯ᠎ᠢ ᠠᠬᠢᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃
      ᠬᠤᠷᠠᠯ᠎ᠠᠴᠠ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠲᠤᠯᠤᠭ᠋ᠠᠨ ᠵᠦᠢ᠍ᠯ᠎ᠤᠨ ᠠᠵᠤ ᠠᠬᠤᠢ ᠵᠢᠨ ᠭᠦᠢ᠍ᠴᠡᠳᠬᠡᠯ ᠲᠤᠭ᠎ᠠ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢᠴᠢ ᠴᠢᠬᠤᠯᠠ ᠶᠡᠭᠡ ᠲᠦᠷᠦᠯ ᠵᠦᠢ᠍ᠯ᠎ᠤᠨ ᠭᠠᠷᠳᠠᠮ᠎ᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ ᠵᠡᠷᠭᠡ ᠭᠤᠣᠯᠳᠠᠯᠭ᠎ᠠ᠎ᠲᠠᠢ ᠰᠠᠯᠠᠭ᠎ᠠ ᠮᠥᠴᠢᠷ᠎ᠤᠨ ᠠᠵᠤ ᠠᠬᠤᠢ ᠵᠢᠨ ᠭᠦᠢ᠍ᠴᠡᠳᠬᠡᠯ ᠲᠤᠭ᠎ᠠ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠨᠢᠭᠡᠳᠦᠭᠡᠷ ᠤᠯᠠᠷᠢᠯ᠎ᠤᠨ ᠠᠵᠤ ᠠᠬᠤᠢ ᠵᠢᠨ ᠠᠵᠢᠯ᠎ᠢ ᠪᠦᠬᠦ ᠲᠠᠯ᠎ᠠ᠎ᠪᠠᠷ ᠡᠮᠬᠢᠯᠡᠵᠦ᠂ ᠪᠠᠶ᠋ᠢᠳᠠᠯ᠎ᠢ ᠵᠠᠳᠠᠯᠵᠤ᠂ ᠵᠠᠩᠭᠢᠯᠠᠭ᠎ᠠ ᠵᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠵᠢ ᠰᠤᠳᠤᠯᠵᠤ᠂ ᠳᠠᠷᠠᠭ᠋ᠠᠴᠢ ᠵᠢᠨ ᠠᠯᠬᠤᠮ᠎ᠤᠨ ᠭᠤᠣᠯᠳᠠᠯᠭ᠎ᠠ᠎ᠲᠠᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃
      ᠬᠤᠷᠠᠯ᠎ᠠᠴᠠ᠂ ᠡᠯ᠎ᠡ ᠰᠠᠯᠠᠭ᠎ᠠ ᠮᠥᠴᠢᠷ᠎ᠤᠨ᠎ᠬᠢᠨ ᠰᠢᠶᠠᠨ᠎ᠤ ᠨᠠᠮ᠎ᠤᠨ ᠬᠤᠷᠢᠶᠠᠨ᠎ᠤ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠶᠣᠰᠣᠭ᠋ᠠᠷ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠵᠢᠨ ᠠᠵᠤ ᠠᠬᠤᠢ ᠵᠢᠨ ᠪᠠᠶ᠋ᠢᠳᠠᠯ᠎ᠤᠨ ᠲᠤᠬᠠᠢ ᠵᠠᠳᠠᠯᠤᠯᠲᠠ ᠮᠠᠭ᠋ᠠᠳᠯᠠᠯᠲᠠ ᠵᠢ ᠣᠨᠣᠪᠴᠢᠲᠠᠢ ᠡᠵᠡᠮᠳᠡᠵᠦ᠂ ᠬᠤᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠵᠤ᠂ ᠪᠠᠲᠤ ᠴᠢᠩᠭ᠎ᠠ ᠤᠯᠤᠰ ᠲᠦᠷᠦ ᠵᠢᠨ ᠤᠬᠠᠮᠰᠠᠷ ᠪᠣᠯᠤᠨ ᠪᠣᠳᠠᠲᠠᠢ ᠵᠢ ᠡᠷᠬᠢᠮᠯᠡᠬᠦ ᠠᠵᠢᠯᠯᠠᠭ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃ ᠬᠠᠷᠠᠯᠲᠠ᠎ᠪᠠᠨ ᠪᠠᠲᠤ ᠡᠵᠡᠮᠳᠡᠵᠦ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠥᠷᠢᠶ᠎ᠡ᠎ᠳᠤ ᠵᠥᠪ ᠵᠶ᠋ᠠᠷ ᠬᠠᠨᠳᠤᠵᠤ᠂ ᠬᠤᠷᠳᠤᠴᠠ᠎ᠪᠠᠨ ᠲᠦᠷᠭᠡᠨ ᠲᠦᠷᠭᠡᠳᠬᠡᠵᠦ᠂ ᠨᠡᠩ ᠥᠨᠳᠥᠷ ᠠᠵᠢᠯ᠎ᠤᠨ ᠪᠠᠷᠢᠮᠵᠢᠶ᠎ᠠ᠂ ᠨᠡᠩ ᠬᠦᠴᠦᠲᠡᠢ ᠠᠵᠢᠯ᠎ᠤᠨ ᠠᠷᠭ᠎ᠠ ᠬᠡᠮᠵᠢᠶ᠎ᠡ᠎ᠪᠠᠷ ᠬᠥᠳᠡᠭᠡ ᠠᠵᠤ ᠠᠬᠤᠢ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ᠂ ᠠᠵᠤ ᠦᠢ᠍ᠯᠡᠳᠪᠦᠷᠢ ᠵᠢᠨ ᠲᠦᠷᠭᠡᠨ ᠬᠥᠭᠵᠢᠯᠲᠡ ᠵᠢ ᠬᠦᠴᠦᠯᠡᠨ ᠠᠬᠢᠭᠤᠯᠬᠤ᠂ ᠭᠤᠷᠪᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠵᠢ ᠦᠨᠡᠨᠬᠦ ᠰᠠᠶ᠋ᠢᠲᠤᠷ ᠠᠳᠬᠤᠬᠤ᠂ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ᠂ ᠡᠳ᠋᠎ᠤᠨ ᠵᠠᠰᠠᠭ᠎ᠤᠨ ᠣᠷᠣᠯᠭ᠎ᠠ ᠵᠢ ᠴᠢᠩᠭ᠎ᠠ ᠠᠳᠬᠤᠬᠤ᠂ ᠬᠤᠶᠠᠷ ᠠᠷᠠᠳ᠎ᠤᠨ ᠣᠷᠣᠯᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠡᠷᠭᠡ ᠤᠯᠠᠨ ᠬᠦᠷᠢᠶ᠎ᠡ ᠴᠠᠷᠠᠭ᠋ᠠᠨ᠎ᠳᠤ ᠵᠡᠷᠭᠡᠪᠡᠷ ᠳᠠᠭ᠋ᠠᠷᠢᠯᠲᠠ ᠬᠢᠬᠦ ᠵᠢ ᠪᠠᠲᠤᠯᠠᠵᠤ᠂ ᠬᠤᠶᠠᠳᠤᠭ᠋ᠠᠷ ᠤᠯᠠᠷᠢᠯ᠎ᠳᠤ ᠳᠠᠪᠠᠵᠤ ᠭᠠᠷᠬᠤ ᠵᠢ ᠪᠠᠲᠤᠯᠠᠵᠤ᠂ ᠡᠯ᠎ᠡ ᠭᠤᠣᠯ ᠪᠣᠯᠬᠤ ᠠᠵᠤ ᠠᠬᠤᠢ ᠵᠢᠨ ᠭᠦᠢ᠍ᠴᠡᠳᠬᠡᠯ ᠲᠤᠭ᠎ᠠ ᠵᠢᠨ ᠪᠦᠬᠦ ᠬᠤᠳᠠ ᠵᠢᠨ ᠮᠠᠩᠯᠠᠶ᠋ᠢᠯᠠᠬᠤ᠎ᠪᠠᠷ ᠴᠢᠷᠮᠠᠶ᠋ᠢᠬᠤ ᠬᠡᠷᠡᠭᠲᠡᠢ᠃
      ᠰᠢᠶᠠᠨ᠎ᠤ ᠤᠳᠤᠷᠢᠳᠤᠯᠭ᠎ᠠ ᠰᠢᠤᠸᠠᠢ ᠶᠤᠸᠠᠨ᠂ ᠬᠠᠨ ᠷᠦᠢ᠂ ᠫᠧᠩ ᠢ ᠷᠦᠩ᠂ ᠲᠠᠩ ᠳ᠋ᠦᠩ ᠨᠢᠶᠠᠨ᠂ ᠯᠢᠦᠶ ᠬᠤᠩ ᠪᠢᠩ᠂ ᠯᠢᠶᠠᠩ ᡁᠢ ᠴᠢᠶᠠᠩ ᠬᠤᠷᠠᠯ᠎ᠳᠤ ᠣᠷᠣᠯᠴᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ