ᠳ᠋ᠧᠩᠺᠸᠤ ᠰᠢᠶᠠᠨᠤ 28 ᠲᠦᠮᠡ ᠭᠠᠷᠤᠢ ᠮᠦ᠍ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠬᠠᠳᠤᠵᠤ ᠬᠤᠷᠢᠶᠠᠬᠤ ᠤᠯᠠᠷᠢᠯᠳᠤ ᠣᠷᠣᠪᠠ
ᠨᠡᠶ᠋ᠢᠲᠡᠯᠡᠭᠰᠡᠨ ᠴᠠᠭ᠄ 2025-09-09
ᠣᠶ᠋ᠢᠷᠠᠳᠤ᠂ ᠳ᠋ᠧᠩᠺᠸᠤ ᠰᠢᠶᠠᠨᠤ ᠲᠠᠷᠢᠶᠠᠨ ᠭᠠᠵᠠᠷ᠂ ᠵᠠᠰᠠᠮᠠᠯ ᠵᠠᠮ ᠳᠡᠭᠡᠷ᠎ᠡ ᠭᠠᠵᠠᠷ ᠪᠣᠯᠭ᠋ᠠᠨᠳᠤ ᠬᠠᠳᠤᠵᠤ ᠬᠤᠷᠢᠶᠠᠬᠤ ᠪᠠ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠵᠢ ᠵᠥᠭᠡᠭᠡᠪᠦᠷᠢᠯᠡᠬᠦ ᠮᠠᠰᠢᠨ ᠪᠠ ᠲᠡᠷᠭᠡ ᠬᠥᠰᠬᠡ ᠵᠢ ᠣᠯᠵᠤ ᠬᠠᠷᠠᠵᠤ᠂ ᠪᠠᠰᠠ ᠨᠢᠭᠡ ᠵᠢᠯᠤᠨ ᠬᠥᠬᠡ ᠳᠠᠷᠤᠰᠢ ᠵᠢᠨ ᠡᠷᠳᠡᠨᠢ ᠰᠢᠰᠢ ᠵᠢ ᠬᠠᠳᠤᠵᠤ ᠬᠤᠷᠢᠶᠠᠬᠤ ᠤᠯᠠᠷᠢᠯ ᠪᠣᠯᠬᠤᠳᠤ᠂ ᠥᠷᠭᠡᠨ ᠠᠭᠤᠳᠠᠮ ᠭᠠᠵᠠᠷ ᠪᠣᠯᠭ᠋ᠠᠨᠳᠤ ᠡᠯᠪᠡᠭ ᠬᠤᠷᠢᠶᠠᠯᠲᠠ ᠵᠢᠨ ᠵᠢᠷᠤᠭ ᠦᠵᠡᠭᠳᠡᠯ ᠬᠠᠷᠠᠭᠳᠠᠨ᠎ᠠ᠃

ᠱᠠᠵᠢᠨᠲᠤᠬᠤᠢ ᠰᠤᠮᠤ ᠵᠢᠨ ᠥᠨᠳᠥᠷ ᠮᠣᠳᠣ ᠭᠠᠴᠠᠭ᠋ᠠᠨᠤ ᠬᠠᠳᠤᠵᠤ ᠬᠤᠷᠢᠶᠠᠬᠤ ᠲᠤᠬᠠᠢ ᠵᠢᠨ ᠲᠠᠯᠠᠪᠠᠢᠳᠤ᠂ ᠨᠢᠭᠡ ᠰᠠᠭᠤᠷᠢ ᠡᠷᠳᠡᠨᠢ ᠰᠢᠰᠢ ᠡᠯᠪᠡᠭ ᠳᠡᠯᠪᠡᠭ᠂ ᠤᠷᠭᠤᠴᠠ ᠰᠠᠶ᠋ᠢᠲᠠᠢ᠂ ᠲᠤᠮᠤ ᠬᠡᠯᠪᠡᠷᠢ ᠵᠢᠨ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠬᠤᠷᠢᠶᠠᠬᠤ ᠮᠠᠰᠢᠨ ᠪᠣᠯᠤᠨ ᠬᠦᠨᠳᠦ ᠬᠡᠯᠪᠡᠷᠢ ᠵᠢᠨ ᠲᠡᠭᠡᠭᠡᠪᠦᠷᠢ ᠵᠢᠨ ᠲᠡᠷᠭᠡ ᠬᠥᠰᠬᠡ ᠵᠡᠷᠭᠡᠪᠡᠷ ᠤᠷᠤᠭᠰᠢᠯᠠᠵᠤ᠂ ᠤᠳᠤ ᠶᠠᠭ ᠬᠠᠳᠤᠵᠤ ᠬᠤᠷᠢᠶᠠᠬᠤ ᠠᠵᠢᠯ ᠬᠢᠵᠦ ᠪᠠᠶ᠋ᠢᠨ᠎ᠠ᠃ ᠪᠢᠲᠡᠭᠦᠦ ᠰᠤᠩᠬᠢᠨ᠎ᠠ ᠵᠢᠨ ᠪᠦᠬᠦᠯᠢ ᠡᠷᠳᠡᠨᠢ ᠰᠢᠰᠢ ᠵᠢ ᠬᠠᠳᠤᠵᠤ ᠬᠤᠷᠢᠶᠠᠬᠤ ᠮᠠᠰᠢᠨᠳᠤ ᠲᠠᠲᠠᠨ ᠣᠷᠣᠭᠤᠯᠵᠤ᠂ ᠲᠣᠷᠭ᠎ᠠ ᠳᠤᠷᠳᠤᠩᠤᠨ ᠨᠠᠷᠢᠨ ᠡᠪᠡᠰᠦ ᠪᠣᠯᠭ᠋ᠠᠵᠤ᠂ ᠴᠠᠭ ᠲᠤᠬᠠᠶᠳᠤᠨᠢ ᠣᠶ᠋ᠢᠷ᠎ᠠ ᠬᠠᠪᠢ ᠵᠢᠨ ᠮᠠᠯᠵᠢᠯᠤᠨ ᠲᠠᠯᠠᠪᠠᠶᠳᠤ ᠵᠥᠭᠡᠭᠡᠪᠦᠷᠢᠯᠡᠨ ᠠᠪᠠᠴᠢᠵᠤ ᠳᠠᠷᠤᠰᠢᠭᠤᠯᠤᠨ᠂ ᠰᠠᠭ᠋ᠠᠯᠢ ᠵᠢᠨ ᠦᠨᠢᠶᠡᠳᠤ 《ᠠᠮᠤ ᠪᠤᠳᠠᠭ᠎ᠠ》 ᠪᠡᠯᠡᠳᠬᠡᠪᠡ᠃
ᠱᠠᠵᠢᠨᠲᠤᠬᠤᠢ ᠰᠤᠮᠤ ᠵᠢᠨ ᠥᠨᠳᠥᠷ ᠮᠣᠳᠣ ᠭᠠᠴᠠᠭ᠎ᠠ ᠵᠢᠨ ᠷᠦᠢ ᠳ᠋ᠧ ᠮᠠᠯᠴᠢᠨ ᠲᠠᠷᠢᠶᠠᠴᠢᠨᠤ ᠲᠤᠰᠬᠠᠢ ᠬᠤᠷᠰᠢᠶ᠎ᠠ ᠵᠢᠨ ᠸᠠᠩ ᠭᠠᠩ ᠰᠤᠷᠪᠤᠯᠵᠢᠯᠠᠭᠴᠢᠳᠤ ᠲᠠᠨᠢᠯᠴᠠᠭᠤᠯᠬᠤᠳᠠᠭᠠᠨ᠂ 9 ᠰᠠᠷ᠎ᠠ ᠵᠢᠨ ᠡᠬᠢᠪᠠᠷ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠵᠢ ᠬᠠᠳᠤᠵᠤ ᠡᠬᠢᠯᠡᠭᠰᠡᠨᠠᠴᠠ ᠡᠬᠢᠯᠡᠨ᠂ ᠷᠦᠢ ᠳ᠋ᠧ ᠮᠠᠯᠴᠢᠨ ᠲᠠᠷᠢᠶᠠᠴᠢᠨᠤ ᠲᠤᠰᠬᠠᠢ ᠬᠤᠷᠰᠢᠶᠠᠵᠢᠯᠳᠤ 8ᠠᠴᠠ 10 ᠰᠠᠭᠤᠷᠢ ᠲᠣᠮᠣ ᠬᠡᠯᠪᠡᠷᠢ ᠵᠢᠨ ᠬᠥᠬᠡ ᠳᠠᠷᠤᠰᠢ ᠮᠠᠰᠢᠨ ᠣᠷᠣᠭᠤᠯᠵᠤ᠂ ᠡᠳᠦᠷ ᠪᠦᠷᠢ ᠵᠢᠨ ᠨᠣᠭᠤᠭ᠋ᠠᠨ ᠳᠠᠷᠤᠰᠢ ᠵᠢᠨ ᠬᠡᠮᠵᠢᠶ᠎ᠡᠨᠢ ᠪᠠᠷᠤᠭ 4000 ᠲᠣᠨ ᠪᠠᠶ᠋ᠢᠵᠤ᠂ ᠮᠦ᠍ ᠪᠦᠷᠢ ᠵᠢᠨ ᠲᠤᠭᠠᠨᠢ ᠪᠠᠷᠤᠭ 2000 ᠮᠦ᠍ ᠣᠷᠴᠢᠮ ᠪᠠᠶ᠋ᠢᠵᠤ᠂ ᠬᠠᠳᠤᠵᠤ ᠬᠤᠷᠢᠶᠠᠬᠤ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠵᠢ ᠡᠯ᠎ᠡ ᠲᠣᠮᠣ ᠮᠠᠯᠵᠢᠯᠤᠨ ᠲᠠᠯᠠᠪᠠᠢᠲᠠᠢ ᠶᠠᠪᠤᠯᠴᠠᠵᠤ᠂ ᠵᠢᠱ᠌ᠢᠯᠲᠡᠪᠠᠷ ᠬᠥᠬᠡ ᠳᠠᠷᠤᠰᠢ ᠵᠢᠨ ᠡᠷᠳᠡᠨᠢ ᠰᠢᠰᠢ ᠵᠢ ᠬᠠᠳᠤᠵᠤ ᠬᠤᠷᠢᠶᠠᠬᠤ ᠤᠯᠠᠷᠢᠯ ᠨᠢ 20 ᠡᠳᠦᠷ ᠣᠷᠴᠢᠮ ᠦᠷᠭᠦᠯᠵᠢᠯᠡᠬᠦ ᠪᠣᠯᠤᠨ᠎ᠠ᠃
ᠣᠶ᠋ᠢᠷ᠎ᠠ ᠵᠢᠨ ᠠᠷᠪᠠᠨ ᠬᠡᠳᠦᠨ ᠵᠢᠯᠤᠨ ᠲᠤᠷᠰᠢ᠂ ᠳ᠋ᠧᠩᠺᠸᠤ ᠰᠢᠶᠠᠨ ᠤᠯᠠᠭ᠋ᠠᠨᠪᠤᠬᠠ ᠵᠢᠨ ᠡᠯᠡᠰᠦᠨ ᠴᠥᠯᠤᠨ ᠠᠷᠢᠭᠤᠨ ᠴᠡᠪᠡᠷ ᠣᠷᠴᠢᠨ ᠲᠣᠭᠤᠷᠢᠨᠳᠤ ᠲᠦᠰᠢᠭᠯᠡᠨ᠂ ᠮᠧᠩ ᠨᠢᠦ᠂ ᠱᠧᠩ ᠮᠦ᠍ ᠵᠡᠷᠭᠡ ᠨᠡᠷᠡᠲᠦ ᠰᠦ ᠵᠢᠨ ᠠᠵᠤ ᠠᠬᠤᠶ᠋ᠢᠯᠠᠯᠢ ᠲᠡᠳᠡᠨ ᠠᠪᠴᠢᠷᠠᠵᠤ ᠬᠢᠯᠢ ᠵᠢᠨ ᠳᠣᠲᠣᠷ᠎ᠠ ᠨᠤᠲᠤᠭᠰᠢᠭᠤᠯᠵᠤ᠂ ᠴᠢᠨᠠᠷ ᠰᠠᠶ᠋ᠢᠲᠠᠢ ᠦᠨᠢᠶᠡᠨ ᠰᠦ ᠦᠢ᠍ᠯᠡᠳᠪᠦᠷᠢᠯᠡᠵᠡᠶ᠃ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠪᠣᠯ ᠰᠠᠭ᠋ᠠᠯᠢ ᠵᠢᠨ ᠦᠨᠢᠶᠡᠨᠤ ᠭᠤᠤᠯ ᠲᠡᠵᠢᠭᠡᠯ ᠪᠣᠷᠳᠤᠭ᠎ᠠ ᠮᠥᠨ᠂ ᠣᠯᠠᠨ ᠵᠢᠯᠤᠨ ᠺᠣᠮᠫᠠᠨᠢ ᠵᠢᠨ ᠰᠠᠭᠤᠷᠢᠨ ᠭᠠᠵᠠᠷᠤᠨ ᠲᠠᠷᠢᠶᠠᠴᠢᠨ ᠡᠷᠦᠬᠡ ᠵᠢᠨ ᠵᠠᠬᠢᠶᠠᠯᠠᠭ᠎ᠠ ᠵᠢᠨ ᠵᠠᠭᠪᠤᠷ ᠵᠶ᠋ᠠᠷ ᠳᠠᠷᠢᠬᠤᠪᠠᠷ ᠳᠡᠮᠵᠢᠨ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠬᠠᠳᠤᠵᠤ ᠬᠤᠷᠢᠶᠠᠬᠤ᠂ ᠨᠢᠭᠡᠳᠦᠯᠲᠡᠶ ᠶᠠᠰᠤ ᠴᠢᠨᠠᠷᠢ ᠰᠢᠯᠭ᠋ᠠᠬᠤ᠂ ᠨᠢᠭᠡᠳᠦᠯᠲᠡᠶ ᠬᠤᠳᠠᠯᠳᠤᠨ ᠠᠪᠬᠤ ᠵᠢ ᠬᠡᠷᠡᠭᠵᠢᠭᠦᠯᠵᠦ᠂ ᠦᠢ᠍ᠯᠡᠳᠪᠦᠷᠢᠯᠡᠭᠰᠡᠨ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠵᠢᠨ ᠶᠠᠰᠤ ᠴᠢᠨᠠᠷ ᠰᠢᠯᠢᠳᠡᠭ ᠰᠠᠶ᠋ᠢᠨ ᠪᠠᠶ᠋ᠢᠨ᠎ᠠ᠃ ᠤᠳᠤ ᠨᠢᠭᠡᠨᠲᠡ ᠬᠡᠪᠴᠢᠶᠡᠵᠢᠭᠰᠡᠨ᠂ ᠠᠵᠤ ᠦᠢ᠍ᠯᠡᠰᠵᠢᠭᠰᠡᠨ ᠨᠣᠭᠤᠭ᠋ᠠᠨ ᠳᠠᠷᠤᠰᠢ ᠵᠢᠨ ᠡᠷᠳᠡᠨᠢ ᠰᠢᠰᠢ ᠲᠠᠷᠢᠬᠤ ᠦᠢ᠍ᠯᠡᠳᠪᠦᠷᠢᠯᠡᠯᠤᠨ ᠰᠢᠰᠲ᠋ᠧᠮᠢ ᠪᠦᠷᠢᠯᠳᠦᠭᠦᠯᠵᠦ᠂ ᠲᠤᠬᠠᠢ ᠵᠢᠨ ᠭᠠᠵᠠᠷᠤᠨ ᠲᠠᠷᠢᠶᠠᠯᠠᠩᠤᠨ ᠠᠵᠤ ᠦᠢ᠍ᠯᠡᠰᠵᠢᠯᠲᠡ ᠵᠢᠨ ᠲᠡᠰ ᠳᠡᠪᠰᠢᠬᠦ᠂ ᠲᠠᠷᠢᠶᠠᠯᠠᠩ ᠮᠠᠯ ᠠᠵᠤ ᠠᠬᠤᠢ ᠵᠢᠨ ᠦᠷ᠎ᠡ ᠠᠰᠢᠭᠢ ᠨᠡᠮᠡᠭᠳᠡᠭᠦᠯᠬᠦ᠂ ᠮᠠᠯᠴᠢᠨ ᠲᠠᠷᠢᠶᠠᠴᠢᠨᠤ ᠣᠷᠣᠯᠭ᠎ᠠ ᠵᠢ ᠨᠡᠮᠡᠭᠳᠡᠭᠦᠯᠬᠦ᠂ ᠬᠥᠳᠡᠭᠡ ᠲᠣᠰᠬᠤᠨᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯᠠᠪᠠᠷ ᠴᠢᠬᠤᠯᠠ ᠦᠢ᠍ᠯᠡᠳᠦᠯ ᠦᠵᠡᠭᠦᠯᠵᠡᠢ᠃
ᠢᠷᠡᠯᠲᠡ᠄ ᠳ᠋ᠸᠩᠺᠸᠦ ᠰᠢᠶᠠᠨᠤ ᠠᠷᠠᠳᠤᠨ ᠵᠠᠰᠠᠭᠤᠨ ᠣᠷᠳᠣᠨᠤ ᠮᠣᠩᠭᠣᠯ ᠰᠦᠯᠵᠢᠶ᠎ᠡ