ᠰᠣᠨᠢᠨ ᠮᠡᠳᠡᠭᠡ   -   ᠲᠤᠰᠬᠠᠢ ᠮᠡᠳᠡᠭᠡᠯᠡᠯ

ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠢ ᠨᠡᠭᠡᠭᠡᠬᠦ ᠠᠵᠢᠯ᠎ᠳᠤ᠎ᠪᠠᠨ ᠰᠢᠪᠲᠤᠯᠤᠯᠲᠠ᠎ᠲᠠᠢ ᠪᠣᠯᠪᠠ

ᠨᠡᠶ᠋ᠢᠲᠡᠯᠡᠭᠰᠡᠨ ᠴᠠᠭ᠄   2024-11-26

      ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠢ ᠨᠡᠭᠡᠭᠡᠬᠦ ᠠᠵᠢᠯ᠎ᠳᠤ᠎ᠪᠠᠨ ᠰᠢᠪᠲᠤᠯᠤᠯᠲᠠ᠎ᠲᠠᠢ ᠪᠣᠯᠪᠠ᠃ 10 ᠳ᠋ᠤᠭ᠋ᠠᠷ ᠰᠠᠷ᠎ᠠ ᠵᠢᠨ 24᠎ᠤ ᠡᠳᠦᠷ᠂ ᠪᠦᠯᠦᠭᠯᠡᠯ᠎ᠤᠨ ᠬᠠᠷᠢᠶ᠎ᠠ ᠬᠤᠶᠠᠳᠤᠭ᠋ᠠᠷ ᠳᠡᠰ᠎ᠤᠨ ᠳᠠᠭ᠋ᠠᠯᠲᠠ ᠠᠵᠤ ᠠᠬᠤᠶ᠋ᠢᠯᠠᠯ ᠪᠣᠯᠬᠤ ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠡᠳ᠋ ᠪᠠᠷᠠᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠨᠢ ᠬᠤᠨᠠᠨ᠎ᠤ G59 ᠰᠢᠨ ᠬᠤᠸᠠ᠎ᠠᠴᠠ ᠰᠢᠨ ᠨᠢᠩ ᠬᠦᠷᠬᠦ᠂ ᠵᠠᠩ ᠵᠢᠶᠠ ᠵᠢᠶᠧ᠎ᠠᠴᠠ ᠭᠤᠸᠠᠨ ᠵᠤᠸᠠᠩ ᠬᠦᠷᠬᠦ ᠲᠦᠷᠭᠡᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠤᠭᠰᠢᠨ ᠲᠥᠪᠯᠡᠷᠡᠭᠦᠯᠦᠨ ᠬᠤᠳᠠᠯᠳᠤᠵᠤ ᠠᠪᠬᠤ ᠲᠥᠷᠥᠯ ᠵᠦᠢ᠍ᠯ᠎ᠤᠨ ᠨᠢᠭᠡᠳᠦᠭᠡᠷ ᠭᠡᠷ᠎ᠡ ᠵᠢᠨ ᠳᠠᠭ᠋ᠠᠭ᠋ᠠᠴᠢᠯᠠᠯᠲᠠ ᠵᠢ ᠠᠮᠵᠢᠯᠲᠠᠲᠠᠢ ᠣᠯᠵᠤ᠂ ᠵᠠᠮ᠎ᠤᠨ ᠴᠢᠯᠠᠭᠤᠨ ᠲᠣᠰᠣᠨ᠎ᠤ ᠪᠠᠷᠤᠭᠰᠢᠨ ᠵᠢᠴᠢ 21482 ᠲᠣᠨ ᠴᠢᠨᠠᠷ ᠬᠤᠪᠢᠷᠠᠭᠤᠯᠤᠭᠰᠠᠨ ᠪᠠᠷᠤᠭᠰᠢᠨ᠎ᠤ ᠳᠠᠭ᠋ᠠᠭ᠋ᠠᠴᠢᠯᠠᠯᠲᠠ ᠵᠢ ᠣᠯᠵᠤ᠂ ᠲᠡᠭᠦᠨ᠎ᠤ ᠵᠣᠭᠤᠰᠤᠨ᠎ᠤ ᠲᠤᠭ᠎ᠠ 9618 ᠲᠦᠮᠡᠨ ᠲᠥᠭᠦᠷᠢᠭ ᠪᠣᠯᠣᠨ᠎ᠠ᠃ 11 ᠳ᠋ᠦ᠍ᠭᠡᠷ ᠰᠠᠷ᠎ᠠ ᠵᠢᠨ 6᠎ᠤ ᠡᠳᠦᠷ᠂ ᠪᠦᠯᠦᠭᠯᠡᠯ᠎ᠤᠨ ᠬᠠᠷᠢᠶ᠎ᠠ ᠬᠤᠶᠠᠳᠤᠭ᠋ᠠᠷ ᠳᠡᠰ᠎ᠤᠨ ᠳᠠᠭ᠋ᠠᠯᠲᠠ ᠠᠵᠤ ᠠᠬᠤᠶ᠋ᠢᠯᠠᠯ ᠪᠣᠯᠬᠤ ᠥᠪᠥᠷ ᠮᠣᠩᠭᠤᠯ᠎ᠤᠨ ᠯᠦ᠍ ᠴᠢᠶᠣᠤ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠨᠢ ᠠᠨᠾᠦ᠋ᠢ ᠮᠤᠵᠢ ᠵᠢᠨ S10 ᠶᠠᠩᠵᠸᠦ᠎ᠠᠴᠠ ᠬᠤᠸᠠᠶ᠋ᠢᠨᠠᠨ ᠬᠦᠷᠬᠦ ᠲᠦᠷᠭᠡᠨ᠎ᠤ ᠵᠠᠰᠠᠮᠠᠯ ᠵᠠᠮ᠎ᠤᠨ ᠴᠦᠵᠸᠦ ᠵᠢᠨ ᠬᠡᠰᠡᠭ᠎ᠲᠠᠬᠢ ᠪᠠᠷᠢᠯᠭ᠎ᠠ ᠵᠢᠨ ᠢᠨᠵᠧᠨᠧᠷᠢᠩ᠎ᠤᠨ 07 ᠳ᠋ᠤᠭ᠋ᠠᠷ ᠪᠠᠷᠢᠮᠵᠢᠶᠠᠲᠤ ᠬᠡᠰᠡᠭ᠎ᠤᠨ ᠳᠠᠭ᠋ᠠᠭ᠋ᠠᠴᠢᠯᠠᠯᠲᠠ ᠵᠢ ᠠᠮᠵᠢᠯᠲᠠᠲᠠᠢ ᠣᠯᠪᠠ᠃ ᠳᠠᠭ᠋ᠠᠭ᠋ᠠᠴᠢᠯᠠᠯᠲᠠ᠎ᠳᠠᠬᠢ ᠵᠣᠭᠤᠰᠤᠨ᠎ᠤ ᠲᠤᠭ᠎ᠠ 10.5 ᠳ᠋ᠦᠩᠰᠢᠭᠤᠷ ᠲᠥᠭᠦᠷᠢᠭ ᠪᠠᠶ᠋ᠢᠵᠤ᠂ ᠲᠣᠰ ᠺᠣᠮᠫᠠᠨᠢ ᠵᠢᠨ ᠣᠷᠣᠨ᠎ᠤ ᠭᠠᠳᠠᠨᠠᠬᠢ ᠲᠠᠩ ᠴᠣᠭᠴᠠᠲᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠣᠯᠣᠭᠰᠠᠨ ᠵᠣᠭᠤᠰᠤᠨ᠎ᠤ ᠲᠤᠭ᠎ᠠ ᠵᠢᠨ ᠲᠠᠯ᠎ᠠ᠎ᠪᠠᠷ᠎ᠬᠢ ᠲᠡᠦᠬᠡᠨ ᠲᠡᠮᠳᠡᠭᠯᠡᠯ᠎ᠢ ᠰᠢᠨᠡᠳᠬᠡᠪᠡ᠃ ᠲᠣᠰ ᠲᠥᠷᠥᠯ ᠵᠦᠢ᠍ᠯ᠎ᠳᠤ ᠠᠮᠵᠢᠯᠲᠠ᠎ᠲᠠᠢ᠎ᠪᠠᠷ ᠳᠠᠭ᠋ᠠᠭ᠋ᠠᠴᠢᠯᠠᠯᠲᠠ ᠣᠯᠣᠭᠰᠠᠨ ᠶᠠᠪᠤᠳᠠᠯ᠎ᠨᠢ ᠯᠦ᠍ ᠴᠢᠶᠣᠤ ᠪᠦᠯᠦᠭᠯᠡᠯ᠎ᠤᠨ᠎ᠬᠢᠨ ᠰᠢᠨᠵᠢᠶᠠᠩ᠂ ᠯᠢᠶᠣᠤᠨᠢᠩ᠂ ᠬᠤᠪᠧᠢ ᠵᠡᠷᠭᠡ ᠭᠠᠵᠠᠷ᠎ᠤᠨ ᠵᠠᠬ᠎ᠠ ᠳᠡᠯᠭᠡᠭᠦᠷ᠎ᠢ ᠥᠷᠭᠡᠳᠬᠡᠭᠰᠡᠨ᠎ᠤ ᠳᠠᠷᠠᠭ᠎ᠠ᠂ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠲᠤ ᠣᠯᠣᠭᠰᠠᠨ ᠪᠠᠰᠠ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠣᠨ᠎ᠠ᠃ (ᠵᠠᠮ ᠬᠠᠷᠢᠯᠴᠠᠭ᠋ᠠᠨ᠎ᠤ ᠪᠦᠯᠦᠭᠯᠡᠯ)
   



 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ