ᠮᠠᠨ᠎ᠤ ᠣᠷᠣᠨ 2024 ᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠡᠬᠢᠯᠡᠭᠦᠯᠬᠦ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2024-12-02
ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠮᠠᠨ᠎ᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠴᠡᠭ᠎ᠨᠢ ᠣᠯᠠᠨ᠂ ᠬᠡᠪᠴᠢᠶ᠎ᠡ᠎ᠨᠢ ᠥᠷᠭᠡᠨ᠂ ᠱᠤᠭᠤᠮ᠎ᠨᠢ ᠣᠷᠳᠣ ᠪᠠᠶ᠋ᠢᠬᠤ ᠣᠨᠴᠠᠯᠢᠭᠲᠤ ᠴᠢᠭᠯᠡᠭᠦᠯᠦᠨ᠂ ᠣᠨ᠎ᠤ ᠲᠥᠯᠥᠪᠯᠡᠭᠡ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠷᠤᠭ ᠲᠥᠯᠥᠪᠯᠡᠭᠡ᠂ ᠬᠢᠨᠠᠨ ᠵᠥᠪᠰᠢᠶᠡᠷᠡᠯ ᠵᠢᠴᠢ ᠮᠠᠲ᠋ᠧᠷᠢᠶᠠᠯ ᠰᠡᠯᠲᠡ᠎ᠪᠠᠨ ᠴᠤᠭᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠤᠷᠢᠳ ᠵᠶ᠋ᠠᠷ ᠥᠷᠨᠢᠭᠦᠯᠵᠦ᠂ 《ᠨᠢᠭᠡ ᠪᠦᠯᠦᠭ᠎ᠢ᠎ᠨᠢ ᠪᠥᠲᠥᠭᠡᠨ ᠪᠠᠶ᠋ᠢᠭᠤᠯᠬᠤ᠂ ᠪᠠᠰᠠ ᠨᠢᠭᠡ ᠪᠦᠯᠦᠭ᠎ᠢ᠎ᠨᠢ ᠨᠥᠭᠡᠴᠡᠯᠡᠬᠦ᠂ ᠳᠠᠬᠢᠨ ᠨᠢᠭᠡ ᠪᠦᠯᠦᠭ᠎ᠢ᠎ᠨᠢ ᠪᠡᠯᠡᠳᠬᠡᠬᠦ》 ᠱᠠᠲᠤᠯᠠᠭᠰᠠᠨ ᠠᠬᠢᠭᠤᠯᠬᠤ ᠲᠦᠯᠦᠪ ᠪᠠᠶ᠋ᠢᠳᠠᠯ᠎ᠢ ᠪᠣᠶ ᠪᠣᠯᠭ᠋ᠠᠪᠠ᠃ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠭᠠᠷᠠᠭ᠎ᠤᠨ ᠲᠣᠬᠢᠷᠠᠭᠤᠯᠤᠯᠲᠠ᠂ ᠰᠠᠷ᠎ᠠ ᠵᠢᠨ ᠪᠦᠷᠢᠳᠬᠡᠯ᠎ᠤᠨ ᠠᠷᠭ᠎ᠠ ᠪᠠᠷᠢᠯ᠎ᠢ ᠬᠡᠷᠡᠭᠵᠢᠭᠦᠯᠵᠦ᠂ ᠪᠦᠬᠦ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠦᠳᠡᠯᠦᠩᠭᠦᠢ ᠬᠠᠮᠢᠶᠠᠷᠤᠯᠲᠠ ᠵᠢ ᠪᠡᠶᠡᠯᠡᠭᠦᠯᠦᠭᠰᠡᠨ ᠪᠠᠶ᠋ᠢᠨ᠎ᠠ᠃ ᠣᠳᠣᠬᠠᠨ ᠪᠣᠯᠲᠠᠯ᠎ᠠ᠂ ᠪᠥᠬᠦ ᠣᠷᠣᠨ᠎ᠳᠤ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠲᠦᠷᠦᠯ ᠵᠦᠢ᠍ᠯ 619 ᠪᠠᠶ᠋ᠢᠵᠤ᠂ ᠪᠠᠷᠢᠯᠭ᠎ᠠ ᠡᠬᠢᠯᠡᠭᠦᠯᠦᠭᠰᠡᠨ ᠵᠠᠰᠠᠮᠠᠯ ᠵᠠᠮ᠎ᠤᠨ ᠣᠷᠳᠣ 5428 ᠺᠢᠯᠣᠮᠧᠳ᠋ᠷ ᠪᠠᠶ᠋ᠢᠪᠠ᠂ ᠪᠠᠷᠢᠯᠭ᠎ᠠ ᠳᠠᠭᠤᠰᠬᠠᠭᠰᠠᠨ ᠲᠦᠷᠦᠯ ᠵᠦᠢ᠍ᠯ 479 ᠪᠠᠶ᠋ᠢᠵᠤ᠂ ᠪᠠᠷᠢᠯᠭ᠎ᠠ ᠳᠠᠭᠤᠰᠬᠠᠭᠰᠠᠨ ᠵᠠᠰᠠᠮᠠᠯ ᠵᠠᠮ᠎ᠤᠨ ᠤᠷᠲᠤ 3875 ᠺᠢᠯᠣᠮᠧᠳ᠋ᠷ ᠪᠠᠶ᠋ᠢᠪᠠ᠂ 623710 ᠲᠦᠮᠡᠨ ᠲᠥᠭᠦᠷᠢᠭ᠎ᠤᠨ ᠪᠡᠯᠡ ᠣᠷᠤᠭᠤᠯᠤᠯᠲᠠ ᠵᠢ ᠪᠡᠶᠡᠯᠡᠭᠦᠯᠵᠦ᠂ ᠪᠠᠷᠢᠯᠭ᠎ᠠ ᠡᠬᠢᠯᠡᠭᠦᠯᠬᠦ ᠡᠭᠦᠷᠭᠡ᠎ᠪᠠᠨ ᠨᠢᠭᠡᠨᠲᠡ ᠳᠠᠪᠠᠭᠤᠯᠤᠨ ᠪᠡᠶᠡᠯᠡᠭᠦᠯᠪᠡ᠃ (ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ