ᠰᠣᠨᠢᠨ ᠮᠡᠳᠡᠭᠡ   -   ᠲᠤᠰᠬᠠᠢ ᠮᠡᠳᠡᠭᠡᠯᠡᠯ

ᠣᠳᠣᠬᠢᠴᠢᠯᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠦᠶ᠎ᠡ — 《ᠳᠥᠷᠪᠡᠨ ᠰᠠᠶ᠋ᠢᠨᠲᠠᠢ ᠵᠠᠮ》 ᠎ᠨᠢ ᠦᠵᠡᠰᠬᠦᠯᠡᠭᠳᠦ ᠰᠠᠶ᠋ᠢᠬᠠᠨ ᠬᠥᠳᠡᠭᠡ ᠲᠣᠰᠬᠤᠨ᠎ᠢ ᠬᠤᠯᠪᠤᠭ᠋ᠠᠯᠠᠨ᠎ᠠ

ᠨᠡᠶ᠋ᠢᠲᠡᠯᠡᠭᠰᠡᠨ ᠴᠠᠭ᠄   2024-10-21

      ᠮᠠᠨ᠎ᠤ ᠬᠤᠳᠠ ᠬᠥᠳᠡᠭᠡ ᠲᠣᠰᠬᠤᠨ᠎ᠤ 《ᠳᠥᠷᠪᠡᠨ ᠰᠠᠶ᠋ᠢᠨᠲᠠᠢ ᠵᠠᠮ》᠎ᠤᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ 《ᠬᠥᠳᠡᠭᠡ ᠲᠣᠰᠬᠤᠨ᠎ᠤ ᠵᠠᠰᠠᠮᠠᠯ ᠵᠠᠮ᠎ᠢ ᠰᠠᠶ᠋ᠢᠲᠤᠷ ᠪᠠᠶ᠋ᠢᠭᠤᠯᠬᠤ᠂ ᠰᠠᠶ᠋ᠢᠲᠤᠷ ᠬᠠᠮᠢᠶᠠᠷᠬᠤ᠂ ᠰᠠᠶ᠋ᠢᠲᠤᠷ ᠬᠠᠮᠠᠭ᠋ᠠᠯᠠᠬᠤ᠂ ᠰᠠᠶ᠋ᠢᠲᠤᠷ ᠡᠵᠡᠩᠨᠡᠬᠦ》 ᠶᠡᠷᠦᠩᠬᠡᠢ ᠬᠠᠷᠠᠯᠲᠠ ᠵᠢᠨ ᠲᠣᠭᠤᠷᠢᠨ᠎ᠳᠤ᠂ ᠬᠥᠳᠡᠭᠡ ᠲᠣᠰᠬᠤᠨ᠎ᠤ ᠵᠠᠰᠠᠮᠠᠯ ᠵᠠᠮ ᠪᠣᠯᠣᠨ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠥᠳᠡᠭᠡ ᠲᠣᠰᠬᠤᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠳᠤ ᠬᠦᠴᠦᠨ ᠨᠡᠮᠡᠷᠢᠯᠡᠵᠤ ᠪᠠᠶ᠋ᠢᠨ᠎ᠠ᠃
      ᠤᠷᠠᠳ᠎ᠤᠨ ᠳᠤᠮᠳᠠᠳᠤ ᠬᠤᠰᠢᠭᠤᠨ᠎ᠤ ᠲᠤᠭᠤᠯᠳᠠᠢ ᠮᠠᠯᠵᠢᠯ᠎ᠤᠨ ᠲᠠᠯᠠᠪᠠᠶ ᠵᠢᠨ ᠤᠯᠠᠭ᠋ᠠᠠᠡᠷᠬᠢ ᠬᠤᠪᠢᠶᠠᠷᠢ ᠲᠠᠯᠠᠪᠠᠶ᠎ᠠᠴᠠ ᠲᠡᠯ ᠠᠭᠤᠯᠠ ᠵᠢᠨ ᠪᠠᠷᠠᠭᠤᠨ ᠵᠠᠰᠠᠮᠠᠯ ᠵᠠᠮ ᠬᠦᠷᠳᠡᠯᠡᠬᠢ ᠪᠥᠬᠦ ᠵᠡᠮ᠎ᠤᠨ ᠣᠷᠳᠣ᠎ᠨᠢ 12 ᠺᠢᠯᠣᠮᠧᠳ᠋ᠷ ᠪᠠᠶ᠋ᠢᠵᠤ᠂ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠤᠨ ᠭᠤᠣᠯ ᠵᠠᠮ ᠪᠣᠯᠣᠨ᠎ᠠ᠂ ᠥᠩᠭᠡᠷᠡᠭᠰᠡᠨ᠎ᠤ ᠢᠪᠴᠤᠤ ᠰᠢᠷᠣᠢ ᠵᠢᠨ ᠵᠠᠮ᠎ᠢ ᠤᠳᠤ ᠥᠭᠡᠷᠡᠴᠢᠯᠡᠨ 4.5 ᠮᠧᠳ᠋ᠷ ᠥᠷᠭᠡᠨ ᠱᠦᠢ᠍ᠨᠢ ᠵᠠᠮ ᠪᠤᠯᠭ᠋ᠠᠭᠰᠠᠨ ᠪᠠᠶ᠋ᠢᠨ᠎ᠠ᠃
      ᠤᠷᠠᠳ᠎ᠤᠨ ᠳᠤᠮᠳᠠᠳᠤ ᠬᠤᠰᠢᠭᠤᠨ᠎ᠤ ᠲᠤᠭᠤᠯᠳᠠᠢ ᠮᠠᠯᠵᠢᠯ᠎ᠤᠨ ᠲᠠᠯᠠᠪᠠᠶ ᠵᠢᠨ ᠮᠠᠯᠴᠢᠨ ᠰᠢᠦᠢ ᠰᠢᠤ ᠬᠤᠸᠠ ᠰᠤᠷᠪᠤᠯᠵᠢᠯᠠᠭᠴᠢ᠎ᠳᠤ᠂ ᠡᠨᠡ ᠵᠠᠮ᠎ᠢ ᠦᠬᠡᠷᠡᠴᠢᠯᠡᠵᠤ ᠵᠠᠰᠠᠭᠰᠠᠨ᠎ᠤ ᠲᠠᠷᠠᠭ᠎ᠠ ᠡᠪᠡᠰᠦ ᠪᠣᠷᠳᠤᠭ᠎ᠠ ᠲᠠᠳᠠᠬᠤ᠂ ᠶᠠᠭᠤᠮ᠎ᠠ ᠬᠡᠤᠮ᠎ᠠ ᠠᠪᠴᠦ ᠬᠤᠳᠠᠯᠳᠤᠬᠤ᠎ᠳᠤ ᠴᠦᠮ ᠮᠠᠰᠢ ᠲᠦᠬᠦᠮ ᠪᠤᠯᠤᠭᠰᠠᠨ᠂ ᠲᠡᠭᠡᠭᠡᠪᠦᠷᠢ ᠵᠢᠨ ᠵᠠᠷᠤᠳᠠᠯ᠎ᠢ ᠴᠤ᠌ ᠠᠷᠪᠢᠯᠠᠵᠤ᠂ ᠮᠠᠨ᠎ᠤ ᠮᠠᠯᠴᠢᠳ᠎ᠲᠤ ᠲᠤᠶ᠋ᠢᠯ᠎ᠤᠨ ᠶᠡᠭᠡ ᠠᠰᠢᠭ ᠬᠦᠷᠳᠡᠬᠡᠵᠤ ᠪᠠᠶ᠋ᠢᠨ᠎ᠠ ᠬᠡᠵᠤ ᠪᠠᠶ᠋ᠢᠯ᠎ᠠ᠃
      ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭᠰᠡᠨ ᠬᠥᠳᠡᠭᠡ ᠲᠣᠰᠬᠤᠨ᠎ᠤ ᠵᠠᠮ᠎ᠨᠢ ᠮᠠᠯᠴᠢᠨ ᠲᠠᠷᠢᠶᠠᠴᠢᠨ᠎ᠤ ᠶᠠᠪᠤᠵᠤ ᠰᠠᠭᠤᠬᠤ᠎ᠳᠤ ᠲᠥᠬᠦᠮ ᠦᠵᠡᠬᠦᠯᠦᠭᠰᠡᠨ ᠵᠶ᠋ᠠᠷ ᠪᠠᠷᠠᠬᠤ ᠦᠬᠡᠢ ᠨᠢᠭᠡ ᠪᠦᠯᠦᠭ ᠣᠨᠴᠠᠯᠢᠭᠲᠤ ᠠᠵᠤ ᠦᠢ᠍ᠯᠡᠰ ᠴᠦ᠍ ᠵᠠᠮ ᠳᠠᠭ᠋ᠠᠤ᠎ᠳᠤ ᠲᠥᠪᠯᠡᠷᠡᠵᠦ ᠢᠷᠡᠭᠰᠡᠨ ᠪᠠᠶ᠋ᠢᠨ᠎ᠠ᠃
      ᠪᠸᠢᠢ᠍ᠫᠢᠡᠭ ᠴᠠᠭ᠋ᠠᠰᠤᠨ ᠦᠢ᠍ᠯᠡᠳᠬᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠶᠠᠷ ᠪᠤᠭᠳᠠ ᠵᠢᠨ ᠠᠭᠤᠯᠠ ᠵᠢᠨ ᠮᠠᠯᠵᠢᠯ᠎ᠤᠨ ᠲᠠᠯᠠᠪᠠᠶ ᠵᠢᠨ ᠳᠠᠭ᠋ᠠᠭ᠋ᠠᠮᠠᠯ ᠬᠠᠨ ᠼᠠᠢ ᠬᠤᠩ ᠬᠡᠯᠡᠬᠦ᠎ᠳᠡᠭᠡᠨ᠂ ᠪᠢᠳᠡ ᠭᠤᠣᠯᠳᠠᠭᠤ ᠨᠣᠣᠰᠣ ᠨᠣᠣᠯᠣᠭᠤᠷ ᠬᠤᠳᠠᠯᠳᠤᠨ ᠠᠪᠳᠠᠭ᠂ ᠮᠠᠨ᠎ᠤ ᠡᠨᠡᠬᠦ ᠪᠠᠶ᠋ᠢᠷᠢᠰᠢᠯ᠎ᠨᠢ ᠮᠠᠯᠴᠢᠳ᠎ᠤᠨ ᠨᠤᠤᠰᠤ ᠨᠣᠣᠯᠣᠭᠤᠷ ᠵᠶ᠋ᠠᠨ ᠠᠪᠴᠢᠷᠠᠵᠤ ᠬᠤᠳᠠᠯᠳᠤᠬᠤ᠎ᠳᠤ ᠲᠦᠬᠦᠮ ᠮᠦᠷᠳᠡᠬᠡᠨ ᠮᠠᠨ᠎ᠤ ᠠᠵᠤ ᠠᠬᠤᠶ᠋ᠢᠯᠠᠯ᠎ᠤᠨ ᠨᠣᠣᠰᠣ ᠨᠣᠣᠯᠣᠭᠤᠷ᠎ᠢ ᠭᠠᠳᠠᠭᠰᠢ ᠭᠠᠷᠭ᠋ᠠᠬᠤ᠎ᠳᠤ ᠴᠤ᠌ ᠮᠠᠰᠢ ᠶᠡᠭᠡ ᠲᠥᠬᠦᠮ ᠪᠤᠯᠵᠤ ᠪᠠᠶ᠋ᠢᠨ᠎ᠠ ᠬᠡᠪᠡ᠃
      ᠬᠦᠳᠡᠭᠡ ᠲᠤᠰᠬᠤᠨ᠎ᠤ ᠵᠠᠮ᠎ᠤᠨ ᠪᠠᠶ᠋ᠢᠷᠢᠯᠠᠯ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠬᠠᠮᠤᠷᠬᠤ ᠬᠡᠪᠴᠢᠶ᠎ᠡ᠎ᠨᠢ ᠲᠠᠰᠤᠷᠠᠯᠲᠠ ᠦᠭᠡᠢ ᠳᠡᠭᠡᠭᠰᠢᠯᠡᠨ᠂ 《ᠭᠠᠳᠠᠭᠰᠢ᠎ᠪᠠᠨ ᠨᠡᠪᠲᠡᠷᠡᠵᠦ ᠳᠣᠲᠣᠷ᠎ᠠ᠎ᠪᠠᠨ ᠬᠤᠯᠪᠣᠯᠳᠤᠨ᠂ ᠬᠦᠳᠡᠭᠡ ᠲᠣᠰᠬᠤᠨ᠎ᠢ ᠬᠠᠷᠢᠯᠴᠠᠨ ᠬᠤᠯᠪᠤᠭ᠋ᠠᠯᠠᠬᠤ》 ᠬᠥᠳᠡᠭᠡ ᠲᠣᠰᠬᠤᠨ᠎ᠤ ᠵᠠᠮ ᠬᠠᠷᠢᠯᠴᠠᠭ᠋ᠠᠨ᠎ᠤ ᠲᠣᠣᠷ᠎ᠨᠢ ᠶᠠᠪᠤᠬᠤ ᠲᠤᠲᠤᠮ ᠨᠢᠭᠲᠠ ᠪᠣᠯᠵᠤ ᠪᠠᠶ᠋ᠢᠨ᠎ᠠ᠃ ᠣᠶ᠋ᠢᠷ᠎ᠠ ᠵᠢᠨ ᠵᠢᠯ᠎ᠠᠴᠠ ᠨᠠᠰᠢ᠂ ᠮᠠᠨ᠎ᠤ ᠬᠤᠲᠠ ᠵᠢᠯ ᠪᠦᠷᠢ ᠳᠤᠮᠳᠠᠴᠢ᠎ᠪᠠᠷ 500 ᠺᠢᠯᠣᠮᠧᠳ᠋ᠷ᠎ᠤᠨ ᠬᠠᠷᠠᠯᠲᠠ᠎ᠪᠠᠷ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠨᠢᠭᠡ ᠪᠦᠯᠦᠭ ᠠᠵᠤ ᠦᠢ᠍ᠯᠡᠰ᠎ᠤᠨ ᠵᠠᠮ᠂ ᠶᠠᠳᠠᠭᠤ᠎ᠠᠴᠠ ᠠᠩᠭᠢᠵᠢᠷᠠᠭᠤᠯᠬᠤ ᠵᠠᠮ᠂ ᠪᠠᠶᠠᠵᠢᠯ᠎ᠤᠨ ᠵᠠᠮ᠂ ᠵᠢᠭᠤᠯᠴᠢᠯᠠᠯ᠎ᠤᠨ ᠵᠠᠮ᠎ᠢ ᠵᠠᠰᠠᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠪᠦᠲᠦᠮᠵᠢᠲᠡᠶ ᠬᠦᠴᠦᠨ ᠨᠡᠮᠡᠷᠢᠯᠡᠪᠡ᠃ 2023 ᠣᠨ᠎ᠳᠤ᠂ ᠪᠥᠬᠦ ᠬᠤᠲᠠ ᠵᠢᠨ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠪᠡᠯᠡ ᠣᠷᠣᠭᠤᠯᠤᠯᠲᠠ ᠵᠢ 11.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ ᠰᠢᠨ᠎ᠡ᠎ᠪᠠᠷ ᠥᠭᠡᠷᠡᠴᠢᠯᠡᠨ ᠵᠠᠰᠠᠬᠤ ᠠᠵᠢᠯ ᠎ᠢ ᠳᠠᠭᠤᠰᠴᠤ᠂ ᠪᠣᠶ ᠪᠦᠬᠦᠢ ᠬᠤᠰᠢᠭᠤ ᠰᠢᠶᠠᠨ ᠲᠣᠭᠤᠷᠢᠭ᠎ᠲᠤ ᠥᠪᠡᠷᠲᠡᠭᠡᠨ ᠵᠠᠰᠠᠬᠤ ᠣᠷᠣᠨ᠎ᠤ 《ᠳᠥᠷᠪᠡᠨ ᠰᠠᠶ᠋ᠢᠨᠲᠠᠢ ᠬᠥᠳᠡᠭᠡ ᠲᠣᠰᠬᠤᠨ᠎ᠤ ᠵᠠᠮ》᠎ᠢ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠡᠨᠡ ᠵᠢᠯ᠂ ᠮᠠᠨ᠎ᠤ ᠬᠤᠲᠠ 660 ᠺᠢᠯᠣᠮᠧᠳ᠋ᠷ᠎ᠤᠨ ᠬᠥᠳᠡᠭᠡ ᠲᠣᠰᠬᠤᠨ᠎ᠤ ᠵᠠᠰᠠᠮᠠᠯ ᠵᠠᠮ᠎ᠢ ᠬᠡᠷᠡᠭᠵᠢᠭᠦᠯᠵᠦ᠂ 600 ᠺᠢᠯᠣᠮᠧᠳ᠋ᠷ᠎ᠤᠨ ᠠᠵᠢᠯ᠎ᠢ ᠳᠠᠭᠤᠰᠬᠠᠵᠤ᠂ 6 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ ᠪᠠᠶ᠋ᠢᠨ᠎ᠠ᠃
   

ᠢᠷᠡᠯᠲᠡ᠄ ᠪᠠᠶᠠᠨᠨᠠᠭᠤᠷ᠎ᠤᠨ ᠮᠣᠩᠭᠤᠯ ᠷᠠᠳᠢᠣ᠋ ᠲᠧᠯᠸᠢᠰ