ᠰᠣᠨᠢᠨ ᠮᠡᠳᠡᠭᠡ   -   ᠲᠤᠰᠬᠠᠢ ᠮᠡᠳᠡᠭᠡᠯᠡᠯ

ᠥᠪᠥᠷ ᠮᠣᠩᠭᠤᠯ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠵᠢᠷᠭᠤᠭ᠋ᠠᠨ ᠢᠨᠵᠧᠨᠧᠷᠢᠩ》᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠵᠤ ᠪᠣᠢ

ᠨᠡᠶ᠋ᠢᠲᠡᠯᠡᠭᠰᠡᠨ ᠴᠠᠭ᠄   2024-11-26

      ᠥᠪᠥᠷ ᠮᠣᠩᠭᠤᠯ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠵᠢᠷᠭᠤᠭ᠋ᠠᠨ ᠢᠨᠵᠧᠨᠧᠷᠢᠩ》᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠵᠤ ᠪᠣᠢ᠃ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ᠎ᠤᠨ ᠲᠠᠯ᠎ᠠ᠎ᠪᠠᠷ᠂ ᠵᠠᠰᠠᠭ᠎ᠤᠨ ᠣᠷᠳᠣᠨ ᠮᠥᠩᠭᠦᠨ ᠭᠦᠢ᠍ᠯᠭᠡᠭᠡ ᠠᠵᠤ ᠠᠬᠤᠶ᠋ᠢᠯᠠᠯ᠎ᠤᠨ ᠵᠤᠯᠭ᠋ᠠᠯᠴᠠᠭ᠎ᠠ ᠵᠢ ᠰᠠᠶ᠋ᠢᠲᠤᠷ ᠬᠢᠵᠦ᠂ ᠣᠳᠣᠬᠠᠨ᠎ᠳᠤ 10 ᠪᠠᠩᠬᠢ ᠵᠢᠨ ᠶᠡᠷᠦᠩᠬᠡᠶ ᠪᠠᠩᠬᠢ᠂ ᠳᠠᠭ᠋ᠠᠳᠬᠠᠯ᠎ᠤᠨ ᠶᠡᠷᠦᠩᠬᠡᠶ ᠺᠣᠮᠫᠠᠨᠢ ᠨᠢᠭᠡᠨᠲᠡ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ᠎ᠤᠳ᠎ᠢ ᠲᠤᠰᠬᠠᠶ ᠨᠠᠶ᠋ᠢᠳᠠᠪᠤᠷᠢᠵᠢᠭᠤᠯᠬᠤ ᠲᠥᠰᠦᠯ᠎ᠢ ᠲᠣᠭᠲᠠᠭ᠋ᠠᠪᠠ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠲᠠᠯ᠎ᠠ᠎ᠪᠠᠷ᠂ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ ᠪᠠᠩᠬᠢ ᠵᠢᠨ ᠪᠠᠶ᠋ᠢᠭᠤᠯᠤᠮᠵᠢ ᠵᠢᠨ ᠴᠡᠪᠡᠷ ᠡᠨᠧᠷᠭᠢ᠎ᠳᠤ ᠵᠠᠷᠣᠴᠠᠭᠤᠯᠤᠭᠰᠠᠨ ᠵᠢᠭᠡᠯᠡᠯᠭᠡ ᠵᠢᠨ ᠦᠯᠡᠳᠡᠪᠦᠷᠢ ᠮᠥᠩᠭᠦ᠎ᠨᠢ 3460.19 ᠳ᠋ᠦᠩᠰᠢᠭᠤᠷ ᠲᠥᠭᠦᠷᠢᠭ ᠪᠠᠶ᠋ᠢᠵᠤ᠂ ᠵᠢᠯ᠎ᠤᠨ ᠡᠬᠢᠨ᠎ᠤ᠎ᠬᠢ᠎ᠠᠴᠠ 1079.13 ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶ᠋ᠢᠨ᠎ᠠ; ᠳᠠᠭ᠋ᠠᠳᠬᠠᠯ᠎ᠤᠨ ᠪᠠᠶ᠋ᠢᠭᠤᠯᠤᠮᠵᠢ᠎ᠠᠴᠠ ᠴᠡᠪᠡᠷ ᠡᠨᠧᠷᠭᠢ ᠵᠢᠨ ᠠᠵᠤ ᠦᠢ᠍ᠯᠡᠰ᠎ᠲᠤ ᠲᠦᠭᠰᠢᠭᠦᠷᠢ ᠵᠢᠨ ᠪᠠᠲᠤᠯᠠᠭ᠎ᠠ ᠵᠢ 9308.14 ᠳ᠋ᠦᠩᠰᠢᠭᠤᠷ ᠲᠥᠭᠦᠷᠢᠭ ᠬᠠᠩᠭ᠋ᠠᠵᠤ᠂ ᠲᠦᠯᠦᠪᠦᠷᠢᠯᠡᠭᠰᠡᠨ ᠵᠠᠷᠤᠯᠭ᠎ᠠ 6986.62 ᠲᠦᠮᠡᠨ ᠲᠥᠭᠦᠷᠢᠭ᠎ᠲᠤ ᠬᠦᠷᠪᠡ᠃ 《ᠳᠤᠯᠠᠭ᠋ᠠᠯᠠᠭ᠎ᠠ ᠵᠢᠨ ᠢᠨᠵᠧᠨᠧᠷᠢᠩ》᠎ᠤᠨ ᠲᠠᠯ᠎ᠠ᠎ᠪᠠᠷ᠂ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ ᠪᠠᠩᠬᠢ ᠵᠢᠨ ᠪᠠᠶ᠋ᠢᠭᠤᠯᠤᠮᠵᠢ ᠵᠢᠨ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠲᠠᠬᠢ ᠵᠢᠭᠡᠯᠡᠯᠭᠡ ᠵᠢᠨ ᠦᠯᠡᠳᠡᠪᠦᠷᠢ ᠮᠥᠩᠭᠦ᠎ᠨᠢ 4254.84 ᠳ᠋ᠦᠩᠰᠢᠭᠤᠷ ᠲᠥᠭᠦᠷᠢᠭ ᠪᠠᠶ᠋ᠢᠵᠤ᠂ ᠵᠢᠯ᠎ᠤᠨ ᠡᠬᠢᠨ᠎ᠤ᠎ᠬᠢ᠎ᠠᠴᠠ 442.92 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭ᠋ᠠᠨ᠎ᠤ᠎ᠬᠢ᠎ᠠᠴᠠ 25.31%᠎ᠪᠠᠷ ᠨᠡᠮᠡᠭᠳᠡᠪᠡ᠃ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠠᠯ᠎ᠠ᠎ᠪᠠᠷ᠂ ᠮᠥᠩᠭᠦᠨ ᠭᠦᠢ᠍ᠯᠭᠡᠭᠡᠨ᠎ᠤ ᠠᠮᠢ ᠠᠬᠤᠶ ᠵᠢ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠦ ᠠᠵᠢᠯ ᠲᠥᠷᠥᠯ᠎ᠤᠨ ᠣᠷᠴᠢᠨ ᠨᠦᠬᠦᠴᠡᠯ᠎ᠢ ᠪᠤᠢ ᠪᠣᠯᠭ᠋ᠠᠪᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠰᠢᠪᠲᠤᠯᠤᠯᠲᠠ》 ᠵᠢᠨ ᠢᠨᠵᠧᠨᠧᠷᠢᠩ᠎ᠤᠨ ᠲᠠᠯ᠎ᠠ᠎ᠪᠠᠷ᠂ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ ᠪᠠᠩᠬᠢ ᠵᠢᠨ ᠪᠠᠶ᠋ᠢᠭᠤᠯᠤᠮᠵᠢ᠎ᠠᠴᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ ᠲᠤᠰᠬᠠᠢ ᠨᠠᠷᠢᠯᠢᠭ ᠣᠨᠴᠠ ᠰᠢᠨ᠎ᠡ 《ᠵᠢᠵᠢᠭ ᠠᠪᠤᠷᠭᠤ ᠬᠥᠮᠦᠨ》 ᠠᠵᠤ ᠠᠬᠤᠶ᠋ᠢᠯᠠᠯ ᠵᠡᠷᠭᠡ᠎ᠳᠤ ᠲᠠᠯᠪᠢᠭᠰᠠᠨ ᠵᠢᠭᠡᠯᠡᠯᠭᠡ 3112.11 ᠳ᠋ᠦᠩᠰᠢᠭᠤᠷ ᠲᠥᠭᠦᠷᠢᠭ᠎ᠲᠤ ᠬᠦᠷᠪᠡ᠃ ᠴᠢᠯᠥᠭᠡᠲᠦ ᠠᠷᠠᠯᠵᠢᠶᠠᠨ᠎ᠤ ᠲᠤᠭᠤᠷᠢᠭ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠤᠨ ᠲᠠᠯ᠎ᠠ᠎ᠪᠠᠷ᠂ 《ᠨᠢᠭᠡ ᠪᠦᠰᠡ ᠨᠢᠭᠡ ᠵᠠᠮ》᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠲᠤᠭᠤᠷᠢᠭ᠂ ᠡᠷᠢᠶᠡᠨ ᠬᠤᠲᠠ — ᠵᠠᠮ᠎ᠤᠨ ᠡᠭᠦᠳᠡ ᠵᠢᠨ ᠬᠤᠭᠤᠷᠤᠨᠳᠤᠬᠢ ᠳᠤᠮᠳᠠᠳᠤ ᠮᠣᠩᠭᠤᠯ᠎ᠤᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠲᠤᠭᠤᠷᠢᠭ ᠵᠡᠷᠭᠡ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠬᠠᠮᠵᠢᠯᠴᠠᠨ ᠠᠬᠢᠭᠤᠯᠵᠤ᠂ ᠪᠠᠩᠬᠢ ᠵᠢᠨ ᠪᠠᠶ᠋ᠢᠭᠤᠯᠤᠮᠵᠢ᠎ᠠᠴᠠ ᠬᠢᠯᠢ ᠵᠢᠨ ᠪᠣᠭᠤᠮᠲᠠ ᠵᠢᠴᠢ ᠪᠤᠰᠤᠳ ᠬᠢᠯᠢ ᠠᠯᠤᠰᠯᠠᠭᠰᠠᠨ ᠠᠷᠠᠯᠵᠢᠶᠠᠨ᠎ᠤ ᠲᠤᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠭᠰᠡᠨ ᠵᠢᠭᠡᠯᠡᠯᠭᠡ ᠵᠢᠨ ᠨᠡᠮᠡᠭᠳᠡᠯ᠎ᠤᠨ ᠬᠡᠮᠵᠢᠶ᠎ᠡ 17%᠎ᠠᠴᠠ ᠳᠠᠪᠠᠭᠰᠠᠨ ᠪᠠᠶ᠋ᠢᠨ᠎ᠠ᠃ (ᠥᠪᠥᠷ ᠮᠣᠩᠭᠤᠯ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
 


 

 

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ