ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤᠷᠠᠨ ᠰᠠᠨᠠᠯ ᠳᠠᠷᠤᠮᠠᠯᠯᠠᠨ ᠶᠠᠪᠤᠭᠤᠯᠵᠤ ᠲᠡᠵᠢᠭᠡᠯ ᠡᠪᠡᠰᠣᠨᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠠᠶ᠋ᠢᠷᠢᠯᠠᠭᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-12-26
《ᠰᠠᠨᠠᠯ》᠎ᠳᠤ 5 ᠲᠠᠯ᠎ᠠ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠳᠤᠷᠬᠠᠢ ᠲᠤᠭᠲᠠᠭ᠋ᠠᠪᠠ᠃ ᠨᠢᠭᠡ᠎ᠳᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠡᠯ᠎ᠡ ᠭᠠᠵᠠᠷ᠎ᠤᠨ᠎ᠬᠢᠨ᠎ᠢ ᠳᠡᠮᠵᠢᠵᠦ ᠪᠠᠶ᠋ᠢᠭ᠋ᠠᠳ ᠲᠠᠷᠢᠶᠠᠨ ᠭᠠᠵᠠᠷ᠂ ᠨᠤᠲᠤᠭ ᠪᠡᠯᠴᠢᠭᠡᠷ ᠵᠢᠴᠢ ᠲᠠᠷᠢᠶᠠᠯᠠᠩ᠎ᠤᠨ ᠰᠤᠯᠠ ᠲᠠᠯᠪᠢᠵᠦ ᠪᠠᠶ᠋ᠢᠭ᠎ᠠ ᠲᠠᠷᠢᠶᠠᠨ ᠭᠠᠵᠠᠷ᠂ ᠠᠲᠠᠷᠰᠢᠭᠤᠯᠤᠭᠰᠠᠨ ᠭᠠᠵᠠᠷ᠂ ᠵᠢᠮᠢᠰ᠎ᠤᠨ ᠬᠦᠷᠢᠶᠡᠯᠡᠩ᠎ᠳᠠᠬᠢ ᠵᠠᠢ ᠵᠠᠪᠰᠠᠷ᠂ ᠣᠶ᠋ᠢᠲᠤ ᠭᠠᠵᠠᠷ ᠵᠡᠷᠭᠡ ᠭᠠᠵᠠᠷ ᠰᠢᠷᠣᠶ ᠵᠢᠨ ᠡᠬᠢ ᠪᠠᠶᠠᠯᠢᠭ᠎ᠢ ᠵᠦᠶ ᠵᠣᠬᠢᠰᠲᠠᠶ᠎ᠪᠠᠷ ᠠᠰᠢᠭᠯᠠᠨ ᠲᠡᠵᠢᠭᠡᠯ ᠡᠪᠡᠰᠦᠨ᠎ᠤ ᠦᠢ᠍ᠯᠡᠳᠪᠦᠷᠢᠯᠡᠯ᠎ᠢ ᠬᠦᠭᠵᠢᠭᠦᠯᠦᠨ᠂ 2030 ᠣᠨ ᠪᠣᠯᠬᠤ᠎ᠳᠤ ᠴᠢᠨᠠᠷ ᠰᠠᠶ᠋ᠢᠲᠠᠢ ᠲᠡᠵᠢᠭᠡᠯ ᠡᠪᠡᠰᠦ ᠲᠠᠷᠢᠬᠤ ᠲᠠᠯᠠᠪᠠᠶ ᠵᠢ 1.35 ᠳ᠋ᠦᠩᠰᠢᠭᠤᠷ ᠮᠥ᠍᠎ᠳᠤ ᠬᠦᠷᠭᠡᠵᠦ᠂ ᠤᠨᠠᠯᠲᠠ ᠵᠢ᠎ᠨᠢ 1.3 ᠳ᠋ᠦᠩᠰᠢᠭᠤᠷ ᠲᠣᠨ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ᠃ ᠬᠤᠶᠠᠷ᠎ᠲᠤ᠂ 《ᠲᠠᠷᠢᠶᠠᠨ ᠭᠠᠵᠠᠷ᠎ᠲᠤ ᠲᠤᠬᠢᠷᠠᠭᠤᠯᠤᠨ ᠲᠠᠷᠢᠬᠤ》 ᠵᠢ ᠶᠡᠭᠡ᠎ᠪᠠᠷ ᠠᠬᠢᠭᠤᠯᠵᠤ᠂ ᠲᠠᠷᠢᠶᠠᠯᠠᠬᠤ᠎ᠳᠤ ᠲᠤᠬᠢᠷᠠᠮᠵᠢᠲᠠᠢ ᠪᠣᠯ ᠲᠠᠷᠢᠶᠠᠯᠠᠵᠤ᠂ ᠲᠡᠵᠢᠭᠡᠯ ᠡᠪᠡᠰᠦ ᠲᠠᠷᠢᠬᠤ᠎ᠳᠤ ᠲᠤᠬᠢᠷᠠᠮᠵᠢᠲᠠᠢ ᠪᠣᠯ ᠲᠡᠵᠢᠭᠡᠯ ᠡᠪᠡᠰᠦ ᠲᠠᠷᠢᠬᠤ ᠵᠢ ᠪᠠᠷᠢᠮᠳᠠᠯᠠᠵᠦ᠂ ᠠᠳᠠᠯᠢ ᠪᠤᠰᠤ ᠬᠤᠵᠢᠷᠯᠢᠭ ᠭᠠᠵᠠᠷ᠎ᠢ ᠵᠠᠰᠠᠬᠤ ᠪᠠ ᠠᠰᠢᠭᠯᠠᠬᠤ ᠬᠡᠪ ᠵᠠᠭᠪᠤᠷ᠎ᠢ ᠢᠳᠡᠪᠬᠢᠲᠡᠶ ᠬᠠᠶ᠋ᠢᠨ ᠰᠦᠪᠡᠭᠴᠢᠯᠡᠨ᠎ᠡ᠃ ᠬᠤᠵᠢᠷᠯᠢᠭ ᠠᠲᠠᠷ ᠭᠠᠵᠠᠷ᠎ᠢ ᠵᠠᠰᠠᠬᠤ ᠠᠵᠢᠯ ᠵᠶ᠋ᠠᠨ ᠡᠮᠬᠢ ᠵᠢᠷᠤᠮ᠎ᠲᠠᠢ ᠠᠬᠢᠭᠤᠯᠵᠤ᠂ ᠬᠤᠵᠢᠷᠯᠢᠭ ᠲᠠᠷᠢᠶᠠᠨ ᠭᠠᠵᠠᠷ᠎ᠢ ᠥᠭᠡᠷᠡᠴᠢᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ ᠵᠢ ᠲᠥᠷᠥᠯ ᠬᠤᠪᠢᠶᠠᠨ ᠲᠦᠯᠬᠢᠨ ᠠᠬᠢᠭᠤᠯᠵᠤ᠂ ᠭᠠᠵᠠᠷ ᠰᠢᠷᠤᠢ᠎ᠳᠤᠨᠢ ᠲᠣᠬᠢᠷᠠᠭᠤᠯᠵᠤ ᠳᠠᠷᠢᠬᠤ ᠵᠢ ᠴᠢᠩᠭ᠋ᠠᠳᠬᠠᠵᠤ᠂ ᠬᠤᠵᠢᠷᠯᠢᠭ ᠭᠠᠵᠠᠷ᠎ᠲᠤ ᠲᠡᠵᠢᠭᠡᠯ ᠡᠪᠡᠰᠦ ᠲᠠᠷᠢᠬᠤ ᠵᠢ ᠢᠳᠡᠪᠬᠢᠲᠡᠶ ᠬᠥᠭᠵᠢᠭᠦᠯᠦᠨ᠎ᠡ᠃ ᠭᠤᠷᠪᠠ᠎ᠳᠤ᠂ ᠲᠡᠵᠢᠭᠡᠯ ᠡᠪᠡᠰᠣᠨᠤ ᠦᠢ᠍ᠯᠡᠳᠪᠦᠷᠢᠯᠡᠯ᠎ᠤᠨ ᠰᠠᠭᠤᠷᠢ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠳᠤ ᠵᠢᠨ ᠪᠠᠶ᠋ᠢᠭ᠎ᠠ ᠲᠦᠷᠦ ᠵᠢᠨ ᠪᠤᠳᠤᠯᠭ᠎ᠠ ᠵᠢᠨ ᠲᠦᠷᠦᠯ ᠵᠦᠢ᠍ᠯ᠎ᠲᠠᠢ ᠤᠶᠠᠯᠳᠤᠭᠤᠯᠤᠨ᠂ ᠲᠡᠵᠢᠭᠡᠯ ᠡᠪᠡᠰᠣᠨᠤ ᠦᠢ᠍ᠯᠡᠳᠪᠦᠷᠢᠯᠡᠯ᠎ᠢ ᠳᠡᠮᠵᠢᠵᠦ ᠬᠥᠲᠥᠯᠥᠨ ᠵᠢᠯᠣᠭᠤᠳᠴᠤ᠂ ᠨᠢᠭᠡ ᠪᠦᠯᠦᠭ ᠴᠢᠨᠠᠷ ᠰᠠᠶ᠋ᠢᠲᠠᠢ ᠲᠡᠵᠢᠭᠡᠯ ᠡᠪᠡᠰᠣᠨᠤ ᠭᠠᠷᠤᠯᠲᠠ ᠵᠢᠨ ᠣᠷᠣᠨ᠎ᠢ ᠪᠦᠳᠦᠭᠡᠨ ᠪᠠᠶ᠋ᠢᠭᠤᠯᠵᠤ᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠰᠢᠨ᠎ᠡ ᠰᠣᠷᠭᠤᠭ ᠡᠪᠡᠰᠦᠨ᠎ᠤ ᠭᠠᠷᠤᠯᠲᠠ ᠵᠢ ᠳᠡᠭᠡᠭᠰᠢᠯᠡᠭᠦᠯᠵᠦ᠂ ᠲᠡᠵᠢᠭᠡᠯ ᠡᠪᠡᠰᠣᠨᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠳᠥᠷᠪᠡ᠎ᠳᠤ᠂ ᠲᠡᠵᠢᠭᠡᠯ ᠡᠪᠡᠰᠦᠨ᠎ᠤ ᠦᠷ᠎ᠡ ᠵᠢᠨ ᠦᠢ᠍ᠯᠡᠰ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠡᠪᠡᠰᠦᠨ ᠦᠷ᠎ᠡ ᠵᠢᠨ ᠬᠦᠷᠢᠶ᠎ᠡ ᠴᠠᠷᠠᠭ᠋ᠠᠨ᠎ᠳᠠᠬᠢ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠭᠦᠨᠵᠡᠭᠡᠶ ᠠᠬᠢᠭᠤᠯᠤᠨ᠂ ᠲᠡᠵᠢᠭᠡᠯ ᠡᠪᠡᠰᠣᠨᠤ ᠦᠷ᠎ᠡ ᠪᠤᠶ᠋ᠢᠵᠢᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠤᠶ᠋ᠢᠵᠢᠭᠤᠯᠤᠨ ᠪᠠᠶ᠋ᠢᠭᠤᠯᠵᠤ᠂ ᠨᠢᠭᠡ ᠪᠦᠯᠦᠭ ᠥᠨᠳᠥᠷ ᠤᠨᠠᠯᠲᠠ᠎ᠲᠠᠢ ᠥᠨᠳᠥᠷ ᠤᠭᠤᠷᠠᠭ᠎ᠲᠠᠢ᠂ ᠬᠤᠵᠢᠷ᠎ᠲᠤ ᠳᠠᠭ᠋ᠠᠭ᠋ᠠᠮᠠᠭ᠋ᠠᠢ ᠲᠡᠰᠪᠦᠷᠢᠲᠠᠢ ᠨᠢᠭᠡ ᠪᠦᠯᠦᠭ ᠲᠡᠵᠢᠭᠡᠯ ᠡᠪᠡᠰᠣᠨᠤ ᠰᠢᠨ᠎ᠡ ᠦᠷ᠎ᠡ ᠡᠭᠦᠯᠳᠡᠷ᠎ᠢ ᠰᠣᠩᠭᠤᠨ ᠪᠤᠶ᠋ᠢᠵᠢᠭᠤᠯᠬᠤ ᠵᠢ ᠲᠦᠷᠭᠡᠳᠭᠡᠬᠦ ᠵᠢᠨ ᠬᠠᠮᠲᠤ ᠳᠡᠯᠭᠡᠷᠡᠭᠦᠯᠵᠦ᠂ 2030 ᠣᠨ ᠪᠣᠯᠬᠤ᠎ᠳᠤ ᠲᠡᠵᠢᠭᠡᠯ ᠡᠪᠡᠰᠣᠨᠤ ᠦᠷ᠎ᠡ ᠵᠢᠨ ᠦᠪᠡᠰᠦᠪᠠᠨ ᠬᠠᠩᠭ᠋ᠠᠬᠤ ᠨᠣᠷᠮ᠎ᠠ᠎ᠪᠠᠨ 75%᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ ᠲᠠᠪᠤ᠎ᠳᠤ᠂ ᠲᠡᠵᠢᠭᠡᠯ ᠡᠪᠡᠰᠦᠨ᠎ᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ᠂ ᠲᠡᠵᠢᠭᠡᠯ ᠡᠪᠡᠰᠦ ᠦᠢ᠍ᠯᠡᠳᠪᠦᠷᠢᠯᠡᠬᠦ᠂ ᠪᠣᠯᠪᠠᠰᠤᠷᠠᠭᠤᠯᠬᠤ᠂ ᠬᠠᠳᠠᠭ᠋ᠠᠯᠠᠬᠤ᠂ ᠭᠦᠢ᠍ᠯᠭᠡᠭᠡᠬᠦ᠂ ᠪᠣᠷᠣᠯᠠᠭᠤᠯᠬᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠲᠦᠯᠦᠪ ᠪᠠᠶ᠋ᠢᠳᠠᠯ᠎ᠢ ᠪᠠᠶ᠋ᠢᠭᠤᠯᠤᠨ᠎ᠠ᠃ ᠲᠡᠵᠢᠭᠡᠯ ᠡᠪᠡᠰᠦ ᠵᠢ ᠦᠢ᠍ᠯᠡᠳᠪᠦᠷᠢᠯᠡᠵᠦ ᠪᠣᠯᠪᠠᠰᠤᠷᠠᠭᠤᠯᠬᠤ ᠮᠠᠰᠢᠨ ᠮᠧᠬᠠᠨᠢᠭ ᠲᠥᠬᠦᠭᠡᠷᠦᠮᠵᠢ ᠵᠢ ᠰᠤᠳᠤᠯᠤᠨ ᠨᠡᠭᠡᠭᠡᠵᠦ ᠬᠡᠷᠡᠭᠯᠡᠬᠦ ᠵᠢ ᠲᠦᠷᠭᠡᠳᠭᠡᠵᠦ᠂ ᠨᠢᠭᠡ ᠪᠦᠯᠦᠭ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠤᠯ ᠴᠣᠭᠴᠠ ᠵᠢ ᠪᠤᠶ᠋ᠢᠵᠢᠭᠤᠯᠤᠨ᠂ ᠲᠠᠸᠠᠷᠴᠢᠯᠠᠨ ᠭᠦᠢ᠍ᠯᠭᠡᠭᠡᠬᠦ᠎ᠳᠤ ᠳᠦᠭᠦᠮ ᠲᠡᠵᠢᠭᠡᠯ ᠡᠪᠡᠰᠣᠨᠤ ᠪᠦᠲᠦᠭᠡᠭᠳᠡᠬᠦᠨ᠎ᠢ ᠢᠳᠡᠪᠬᠢᠲᠡᠶ᠎ᠪᠠᠷ ᠬᠥᠭᠵᠢᠭᠦᠯᠦᠨ᠂ ᠲᠡᠵᠢᠭᠡᠯ ᠡᠪᠡᠰᠣᠨᠤ ᠵᠠᠬᠢᠶᠠᠯᠠᠭ᠎ᠠ ᠵᠢᠨ ᠦᠢ᠍ᠯᠡᠳᠪᠦᠷᠢᠯᠡᠯ ᠪᠠ ᠲᠤᠰᠬᠠᠶ᠋ᠢᠵᠢᠭᠰᠠᠨ ᠦᠢ᠍ᠯᠡᠴᠢᠯᠡᠭᠡ ᠵᠢ ᠢᠳᠡᠪᠬᠢᠲᠡᠶ᠎ᠪᠠᠷ ᠬᠥᠭᠵᠢᠭᠦᠯᠵᠦ᠂ ᠮᠠᠯᠵᠢᠬᠤ ᠣᠷᠣᠨ᠎ᠤ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠡᠵᠢᠭᠡᠯ ᠡᠪᠡᠰᠦ ᠵᠢ ᠬᠠᠳᠠᠭ᠋ᠠᠯᠠᠵᠤ ᠵᠦᠭᠡᠭᠡᠪᠦᠷᠢᠯᠡᠬᠦ ᠲᠤᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ 《ᠰᠠᠨᠠᠯ》᠎ᠳᠤ ᠱᠠᠭ᠋ᠠᠷᠳᠠᠭᠰᠠᠨ ᠵᠶ᠋ᠠᠷ᠂ ᠲᠡᠵᠢᠭᠡᠯ ᠡᠪᠡᠰᠦ ᠵᠢ ᠬᠠᠮ ᠢᠳᠡᠭᠡᠨ ᠵᠶ᠋ᠠᠷ ᠬᠢᠨᠠᠨ ᠰᠢᠨᠵᠢᠵᠦ ᠪᠦᠷᠢᠳᠬᠡᠬᠦ ᠲᠤᠭᠲᠠᠯᠴᠠᠭ᠎ᠠ᠎ᠳᠤ ᠣᠷᠣᠭᠤᠯᠬᠤ ᠵᠢ ᠰᠦᠪᠡᠭᠴᠢᠯᠡᠵᠦ᠂ ᠲᠡᠵᠢᠭᠡᠯ ᠡᠪᠡᠰᠣᠨᠤ ᠠᠵᠤ ᠦᠢ᠍ᠯᠡᠰ᠎ᠤᠨ ᠪᠦᠷᠢᠳᠭᠡᠵᠦ ᠬᠢᠨᠠᠨ ᠰᠢᠨᠵᠢᠵᠦ ᠪᠠᠶ᠋ᠢᠴᠠᠭ᠋ᠠᠬᠤ ᠲᠦᠷᠢᠮ᠎ᠢ ᠪᠠᠶ᠋ᠢᠭᠤᠯᠵᠤ ᠪᠦᠷᠢᠨᠰᠢᠭᠦᠯᠦᠨ᠎ᠡ᠃ ᠲᠡᠵᠢᠭᠡᠯ ᠡᠪᠡᠰᠦᠨ᠎ᠤ ᠦᠢ᠍ᠯᠡᠳᠪᠦᠷᠢᠯᠡᠵᠦ ᠪᠣᠷᠣᠯᠠᠭᠤᠯᠬᠤ ᠮᠡᠳᠡᠭᠡ ᠵᠠᠩᠭᠢ᠎ᠪᠠᠨ ᠨᠡᠶ᠋ᠢᠲᠡᠯᠡᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ ᠲᠥᠷᠥ ᠵᠢᠨ ᠪᠣᠳᠣᠯᠭ᠎ᠠ ᠪᠡᠯᠡ ᠮᠥᠩᠭᠦ᠎ᠪᠠᠷ ᠳᠡᠮᠵᠢᠬᠦ ᠵᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠩ ᠬᠠᠨᠳᠤᠯᠭ᠋ᠠᠲᠤ ᠴᠢᠨᠠᠷᠲᠠᠶ ᠳᠡᠮᠵᠢᠯᠭᠡ ᠵᠢᠨ ᠲᠥᠷᠥ ᠵᠢᠨ ᠪᠣᠳᠣᠯᠭ᠎ᠠ ᠨᠡᠶ᠋ᠢᠲᠡᠯᠡᠬᠦ ᠵᠢ ᠵᠣᠷᠢᠭᠵᠢᠭᠤᠯᠤᠨ᠎ᠠ᠃ (ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠱᠠᠩᠬᠠᠢ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ᠄ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠰᠦᠯᠵᠢᠶ᠎ᠡ᠎ᠠᠴᠠ ᠰᠣᠩᠭᠤᠪᠠ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ