ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠭᠤᠷᠪᠠᠨ ᠲᠠᠯᠠᠪᠠᠷ ᠠᠵᠢᠯᠯᠠᠵᠤ ᠠᠮᠢᠳᠤᠷᠠᠬᠤᠳᠤ ᠲᠣᠬᠢᠷᠠᠮᠵᠢᠲᠠᠢ ᠠᠵᠢᠯ ᠠᠳᠠᠯ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ ᠪᠠᠶ᠋ᠢᠨ᠎ᠠ
ᠨᠡᠶ᠋ᠢᠲᠡᠯᠡᠭᠰᠡᠨ ᠴᠠᠭ᠄ 2024-11-26
ᠠᠵᠢᠯ ᠠᠳᠠᠯ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ ᠪᠤᠢ᠃ ᠨᠢᠭᠡᠳᠤ᠂ ᠮᠠᠯᠵᠢᠬᠤ ᠲᠠᠷᠢᠶᠠᠯᠠᠬᠤ ᠣᠷᠣᠨᠤ ᠨᠤᠷᠠᠬᠤ ᠠᠶᠤᠯᠲᠠᠢ ᠭᠡᠷ ᠪᠠᠶ᠋ᠢᠰᠢᠩᠢ ᠰᠢᠨᠡᠳᠬᠡᠨ ᠵᠠᠰᠠᠬᠤ ᠠᠵᠢᠯᠢ ᠦᠷᠭᠦᠯᠵᠢᠯᠡᠨ ᠠᠬᠢᠭᠤᠯᠪᠠ᠃ ᠡᠨᠡ ᠵᠢᠯ 3419 ᠨᠤᠷᠠᠬᠤ ᠠᠶᠤᠯᠲᠠᠢ ᠭᠡᠷ ᠪᠠᠶ᠋ᠢᠰᠢᠩᠢ ᠰᠢᠨᠡᠳᠭᠡᠨ ᠵᠠᠰᠠᠬᠤ ᠡᠭᠦᠷᠭᠡ ᠵᠢ ᠪᠡᠶᠡᠯᠡᠭᠦᠯᠬᠦᠪᠠᠷ ᠲᠦᠯᠦᠪᠯᠡᠪᠡ᠂ 10 ᠳ᠋ᠤᠭ᠋ᠠᠷ ᠰᠠᠷ᠎ᠠ ᠵᠢᠨ ᠡᠴᠦᠰ ᠪᠣᠯᠲᠠᠯ᠎ᠠ᠂ ᠨᠢᠭᠡᠨᠲᠡ 3459 ᠨᠤᠷᠠᠬᠤ ᠠᠶᠤᠯᠲᠠᠢ ᠭᠡᠷ ᠪᠠᠶ᠋ᠢᠰᠢᠩᠢ ᠰᠢᠨᠡᠳᠭᠡᠨ ᠵᠠᠰᠠᠬᠤ ᠠᠵᠢᠯᠢ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 101.1%ᠳᠤ ᠬᠦᠷᠴᠦ᠂ 3454ᠳᠤᠨᠢ ᠰᠢᠨᠡᠳᠭᠡᠨ ᠵᠠᠰᠠᠬᠤ ᠠᠵᠢᠯᠢ ᠨᠢᠭᠡᠨᠲᠡ ᠳᠠᠭᠤᠰᠬᠠᠵᠤ᠂ ᠠᠵᠢᠯ ᠳᠠᠭᠤᠰᠬᠠᠭᠰᠠᠨ ᠨᠣᠷᠮ᠎ᠠ 101%ᠳᠤ ᠬᠦᠷᠴᠡᠢ᠃ ᠬᠤᠶᠠᠷᠲᠤ᠂ ᠮᠠᠯᠵᠢᠬᠤ ᠲᠠᠷᠢᠶᠠᠯᠠᠬᠤ ᠣᠷᠣᠨᠤ ᠭᠡᠷ ᠪᠠᠶ᠋ᠢᠰᠢᠩᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷᠢ ᠳᠡᠭᠡᠭᠰᠢᠯᠡᠭᠦᠯᠪᠡ᠃ ᠵᠢᠷᠤᠭ ᠲᠥᠯᠥᠪᠯᠡᠭᠡ ᠵᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠥᠷᠨᠢᠭᠦᠯᠵᠦ᠂ ᠬᠥᠳᠡᠭᠡ ᠲᠣᠰᠬᠤᠨᠤ ᠪᠦᠲᠦᠭᠡᠨ ᠪᠠᠶ᠋ᠢᠭᠤᠯᠤᠯᠲᠠ ᠵᠢᠨ ᠤᠷᠠᠨ ᠳᠠᠷᠬᠠᠨᠤ ᠪᠣᠯᠪᠠᠰᠤᠷᠠᠯᠢ ᠴᠢᠩᠭ᠋ᠠᠳᠬᠠᠪᠠ᠂ ᠣᠲᠣ ᠪᠣᠯᠲᠠᠯ᠎ᠠ᠂ ᠪᠥᠬᠦ ᠣᠷᠣᠨᠳᠤ ᠬᠥᠳᠡᠭᠡ ᠲᠣᠰᠬᠤᠨᠤ ᠪᠦᠲᠦᠭᠡᠨ ᠪᠠᠶ᠋ᠢᠭᠤᠯᠤᠯᠲᠠ ᠵᠢᠨ ᠤᠷᠠᠨ ᠳᠠᠷᠬᠠᠨᠢ ᠨᠡᠶ᠋ᠢᠲᠡ 1923 ᠬᠥᠮᠥᠨ ᠪᠣᠯᠪᠠᠰᠤᠷᠠᠭᠤᠯᠪᠠ᠃ ᠭᠤᠷᠪᠠᠳᠤ᠂ ᠮᠠᠯᠵᠢᠬᠤ ᠲᠠᠷᠢᠶᠠᠯᠠᠬᠤ ᠣᠷᠣᠨᠤ ᠬᠥᠮᠥᠰᠤᠨ ᠣᠷᠣᠰᠢᠨ ᠰᠠᠭᠤᠬᠤ ᠣᠷᠴᠢᠨ ᠨᠦᠬᠦᠴᠡᠯᠢ ᠴᠡᠭᠴᠡᠯᠡᠨ ᠵᠠᠰᠠᠬᠤ ᠵᠢ ᠰᠠᠶ᠋ᠢᠲᠤᠷ ᠠᠳᠬᠤᠪᠠ᠃ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠭᠠᠵᠠᠷ ᠣᠷᠣᠨ ᠵᠶ᠋ᠠᠷ ᠭᠤᠣᠯᠳᠠᠯᠭ᠎ᠠ ᠪᠣᠯᠭ᠋ᠠᠵᠤ᠂ ᠮᠠᠯᠵᠢᠬᠤ ᠲᠠᠷᠢᠶᠠᠯᠠᠬᠤ ᠣᠷᠣᠨᠤ ᠠᠮᠢᠳᠤᠷᠠᠯᠤᠨ ᠬᠤᠭ ᠨᠣᠪᠰᠢ᠂ ᠪᠠᠶ᠋ᠢᠭᠤᠯᠤᠮᠵᠢᠲᠦ ᠪᠠᠯᠭ᠋ᠠᠰᠤ ᠵᠢᠨ ᠠᠮᠢᠳᠤᠷᠠᠯᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠪᠠ᠃ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨᠤ ᠮᠠᠯᠵᠢᠬᠤ ᠲᠠᠷᠢᠶᠠᠯᠠᠬᠤ ᠣᠷᠣᠨᠤ ᠠᠮᠢᠳᠤᠷᠠᠯᠤᠨ ᠬᠤᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠲᠤᠭᠲᠠᠯᠴᠠᠭ᠎ᠠ ᠵᠢᠨ ᠪᠦᠷᠬᠦᠴᠡ ᠵᠢᠨ ᠨᠣᠷᠮᠠᠨᠢ 87.69%ᠳᠤ ᠬᠦᠷᠴᠦ᠂ ᠪᠥᠬᠦ ᠣᠷᠣᠨᠤ ᠠᠮᠢᠳᠤᠷᠠᠯᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢᠲᠠᠢ ᠪᠠᠶ᠋ᠢᠭᠤᠯᠤᠮᠵᠢᠲᠦ ᠪᠠᠯᠭ᠋ᠠᠰᠤᠨᠢ 50%ᠳᠤ ᠬᠦᠷᠴᠦ᠂ ᠪᠥᠬᠦ ᠵᠢᠯᠤᠨ ᠬᠠᠷᠠᠯᠲᠠᠳᠦ ᠡᠭᠦᠷᠭᠡᠪᠠᠨ ᠲᠡᠭᠦᠰ ᠠᠮᠵᠢᠯᠲᠠᠲᠠᠢ ᠪᠡᠶᠡᠯᠡᠭᠦᠯᠪᠡ᠃ (ᠣᠷᠣᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)
ᠢᠷᠡᠯᠲᠡ᠄ ᠥᠪᠥᠷ ᠮᠣᠩᠭᠤᠯᠤᠨ ᠵᠠᠰᠠᠭᠤᠨ ᠣᠷᠳᠣᠨ