ᠰᠣᠨᠢᠨ ᠮᠡᠳᠡᠭᠡ   -   ᠲᠤᠰᠬᠠᠢ ᠮᠡᠳᠡᠭᠡᠯᠡᠯ

30 ᠳ᠋ᠦᠩᠰᠢᠭᠤᠷ ᠲᠥᠭᠦᠷᠢᠭ᠎ᠤᠨ ᠶᠡᠷᠦᠩᠬᠡᠢ ᠪᠡᠯᠡ ᠣᠷᠤᠭᠤᠯᠤᠯᠲᠠ᠎ᠲᠠᠢ ᠣᠨᠴᠠ ᠲᠥᠷᠥᠯ᠎ᠤᠨ ᠡᠨᠧᠷᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠢ ᠬᠥᠨᠳᠡᠯᠡᠨ ᠲᠣᠭᠤᠷᠢᠭ᠎ᠲᠤ ᠨᠤᠲᠤᠭᠰᠢᠭᠤᠯᠪᠠ

ᠨᠡᠶ᠋ᠢᠲᠡᠯᠡᠭᠰᠡᠨ ᠴᠠᠭ᠄   2024-11-27

      11 ᠳ᠋ᠦ᠍ᠭᠡᠷ ᠰᠠᠷ᠎ᠠ ᠵᠢᠨ 12᠎ᠤᠨ ᠡᠳᠦᠷ᠂ 30 ᠳ᠋ᠦᠩᠰᠢᠭᠤᠷ ᠲᠥᠭᠦᠷᠢᠭ᠎ᠤᠨ ᠶᠡᠷᠦᠩᠬᠡᠢ ᠪᠡᠯᠡ ᠣᠷᠤᠭᠤᠯᠤᠯᠲᠠ᠎ᠲᠠᠢ ᠣᠨᠴᠠ ᠲᠥᠷᠥᠯ᠎ᠤᠨ ᠡᠨᠧᠷᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠢ ᠬᠥᠨᠳᠡᠯᠡᠨ ᠲᠣᠭᠤᠷᠢᠭ᠎ᠲᠤ ᠨᠤᠲᠤᠭᠰᠢᠭᠤᠯᠪᠠ᠃ ᠲᠣᠰ ᠲᠥᠷᠥᠯ ᠵᠦᠢ᠍ᠯ᠎ᠢ ᠬᠤᠶᠠᠷ ᠬᠤᠭᠤᠴᠠᠭ᠎ᠠ ᠬᠤᠪᠢᠶᠠᠵᠤ ᠪᠠᠶ᠋ᠢᠭᠤᠯᠤᠨ᠎ᠠ᠂ ᠡᠭᠦᠨ᠎ᠳᠤ ᠨᠢᠭᠡᠳᠦᠭᠡᠷ ᠬᠤᠭᠤᠴᠠᠭ᠋ᠠᠨ᠎ᠤ ᠲᠥᠷᠥᠯ ᠵᠦᠢ᠍ᠯ᠎ᠳᠤ 10 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ ᠭᠤᠣᠯᠳᠠᠭᠤ ᠲᠢᠲ᠋ᠠᠨ ᠬᠦᠴᠢᠯ᠎ᠤᠨ ᠯᠢᠲ᠋ᠢ ᠵᠢᠨ ᠪᠢᠯᠢᠭ ᠲᠤᠶ᠋ᠢᠯᠲᠤ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠱᠤᠭᠤᠮ᠂ ᠲᠢᠲ᠋ᠠᠨ ᠬᠦᠴᠢᠯ᠎ᠤᠨ ᠯᠢᠲ᠋ᠢ ᠵᠢᠨ ᠴᠠᠬᠢᠯᠭ᠋ᠠᠨ ᠴᠢᠫ᠎ᠤᠨ ᠦᠢ᠍ᠯᠡᠳᠪᠦᠷᠢᠯᠡᠯ᠎ᠤᠨ ᠱᠤᠭᠤᠮ᠂ PACK᠎ᠤᠨ ᠦᠢ᠍ᠯᠡᠳᠪᠦᠷᠢᠯᠡᠯ᠎ᠤᠨ ᠱᠤᠭᠤᠮ᠂ ᠴᠢᠩᠬᠤᠸᠠ ᠶᠡᠭᠡ ᠰᠤᠷᠭ᠋ᠠᠭᠤᠯᠢ ᠵᠢᠨ ᠬᠡᠲᠦ ᠳᠣᠣᠷ᠎ᠠ ᠳᠤᠯᠠᠭ᠋ᠠᠴᠠ᠎ᠳᠤ ᠡᠨᠧᠷᠭᠢ ᠨᠥᠭᠡᠴᠡᠯᠡᠬᠦ ᠰᠢᠰᠲ᠋ᠧᠮ᠎ᠤᠨ ᠬᠤᠯᠪᠣᠭ᠋ᠠᠯᠠᠭᠰᠠᠨ ᠲᠤᠷᠰᠢᠯᠲᠠ ᠵᠢᠨ ᠲᠠᠰᠤᠭ᠎ᠢ ᠪᠠᠶ᠋ᠢᠭᠤᠯᠤᠨ᠎ᠠ; ᠬᠤᠶᠠᠳᠤᠭ᠋ᠠᠷ ᠬᠤᠭᠤᠴᠠᠭ᠋ᠠᠨ᠎ᠤ ᠲᠥᠷᠥᠯ ᠵᠦᠢ᠍ᠯ᠎ᠳᠤ 20 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ ᠭᠤᠣᠯᠳᠠᠭᠤ ᠴᠠᠬᠢᠯᠭ᠋ᠠᠨ ᠴᠡᠨᠡᠭᠯᠡᠬᠦ ᠣᠶᠤᠨᠲᠤ ᠱᠣᠩ᠎ᠤᠨ ᠦᠢ᠍ᠯᠡᠳᠪᠦᠷᠢᠯᠡᠯ᠎ᠤᠨ ᠱᠤᠭᠤᠮ᠂ ᠤᠯᠤᠰ᠎ᠤᠨ ᠲᠠᠰ᠎ᠤᠨ ᠴᠠᠬᠢᠯᠭ᠋ᠠᠨ ᠴᠡᠨᠡᠭ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠵᠤ ᠪᠠᠶ᠋ᠢᠴᠠᠭ᠋ᠠᠨ ᠰᠢᠨᠵᠢᠬᠦ ᠲᠥᠪ ᠵᠡᠷᠭᠡ ᠵᠢ ᠪᠦᠲᠦᠭᠡᠨ ᠪᠠᠶ᠋ᠢᠭᠤᠯᠤᠨ᠎ᠠ᠃ (ᠬᠥᠨᠳᠡᠯᠡᠨ ᠲᠣᠭᠤᠷᠢᠭ᠎ᠤᠨ ᠵᠠᠰᠠᠭ᠎ᠤᠨ ᠣᠷᠳᠣᠨ)
  



 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ