ᠰᠣᠨᠢᠨ ᠮᠡᠳᠡᠭᠡ   -   ᠲᠤᠰᠬᠠᠢ ᠮᠡᠳᠡᠭᠡᠯᠡᠯ

ᠡᠨᠧᠷᠭᠢ ᠵᠢᠨ ᠲᠣᠪᠴᠢᠶ᠎ᠠ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠩᠳᠠ ᠠᠩᠬᠠᠷᠴᠤ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠮᠵᠢ ᠵᠢ ᠲᠣᠭᠲᠠᠭᠤᠨ ᠵᠶ᠋ᠠᠷ ᠵᠠᠯᠭ᠋ᠠᠵᠤ ᠦᠷᠭᠦᠯᠵᠢᠯᠡᠭᠦᠯᠬᠦ᠎ᠪᠠᠨ ᠦᠨᠡᠨ ᠬᠦ᠌ ᠪᠠᠲᠤᠯᠠᠵᠤ ᠪᠤᠢ

ᠨᠡᠶ᠋ᠢᠲᠡᠯᠡᠭᠰᠡᠨ ᠴᠠᠭ᠄   2024-11-25

      ᠡᠨᠧᠷᠭᠢ ᠵᠢᠨ ᠲᠣᠪᠴᠢᠶ᠎ᠠ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠳᠠ ᠠᠩᠬᠠᠷᠴᠤ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠮᠵᠢ ᠵᠢ ᠲᠣᠭᠲᠠᠭᠤᠨ ᠵᠶ᠋ᠠᠷ ᠵᠠᠯᠭ᠋ᠠᠵᠤ ᠦᠷᠭᠦᠯᠵᠢᠯᠡᠭᠦᠯᠬᠦ᠎ᠪᠠᠨ ᠪᠠᠲᠤᠯᠠᠵᠤ ᠪᠤᠢ᠃ ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠨᠢᠭᠡᠨᠲᠡ ᠬᠢᠨᠠᠵᠤ ᠵᠥᠪᠰᠢᠶᠡᠷᠡᠭᠰᠡᠨ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ᠎ᠤᠨ ᠳᠠᠷᠦ᠋ᠢ᠍ᠬᠠᠨ ᠠᠵᠢᠯ ᠡᠬᠢᠯᠡᠭᠦᠯᠬᠦ ᠵᠢ ᠲᠦᠷᠭᠡᠳᠬᠡᠨ ᠠᠬᠢᠭᠤᠯᠵᠤ᠂ ᠪᠠᠶ᠋ᠢᠭᠤᠯᠵᠤ ᠪᠠᠶ᠋ᠢᠭ᠎ᠠ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ ᠵᠶ᠋ᠠᠨ ᠡᠷᠲᠡᠬᠡᠨ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠵᠠᠯᠭ᠋ᠠᠵᠤ ᠦᠷᠭᠦᠯᠵᠢᠯᠡᠭᠦᠯᠬᠦ ᠲᠥᠷᠥᠯ ᠵᠦᠢ᠍ᠯ᠎ᠤᠨ ᠤᠷᠤᠭᠰᠢᠲᠠᠢ ᠬᠢᠨᠠᠨ ᠵᠦᠪᠰᠢᠶᠡᠷᠡᠭᠳᠡᠬᠦ ᠵᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ᠎ᠳᠤ ᠨᠡᠭᠦᠷᠡᠰᠦᠨ ᠠᠭᠤᠷᠬᠠᠶ ᠵᠢ 19 ᠰᠢᠨ᠎ᠡ᠎ᠪᠠᠷ ᠪᠠᠶ᠋ᠢᠭᠤᠯᠵᠤ᠂ ᠶᠡᠷᠦᠩᠬᠡᠶ ᠦᠢ᠍ᠯᠡᠳᠪᠦᠷᠢᠯᠡᠬᠦ ᠴᠢᠳᠠᠮᠵᠢ᠎ᠨᠢ ᠪᠠᠷᠤᠭ 1.6 ᠳ᠋ᠦᠩᠰᠢᠭᠤᠷ ᠲᠣᠨ / ᠵᠢᠯ ᠪᠠᠶ᠋ᠢᠨ᠎ᠠ᠂ ᠡᠭᠦᠨ᠎ᠳᠤ 5 ᠵᠢ᠎ᠨᠢ ᠪᠠᠶ᠋ᠢᠭᠤᠯᠤᠨ ᠳᠠᠭᠤᠰᠬᠠᠵᠤ᠂ ᠦᠢ᠍ᠯᠡᠳᠪᠦᠷᠢᠯᠡᠬᠦ ᠴᠢᠳᠠᠮᠵᠢ᠎ᠨᠢ 5100 ᠲᠦᠮᠡᠨ ᠲᠣᠨ / ᠵᠢᠯ ᠪᠠᠶ᠋ᠢᠵᠦ᠂ ᠵᠢᠱ᠌ᠢᠯᠲᠡ᠎ᠪᠠᠷ 2025 ᠣᠨ᠎ᠳᠤ ᠰᠢᠯᠵᠢᠭᠦᠯᠦᠨ ᠲᠤᠰᠢᠶᠠᠵᠤ ᠦᠢ᠍ᠯᠡᠳᠪᠦᠷᠢᠯᠡᠬᠦ ᠪᠤᠯᠤᠨ᠎ᠠ; 10 ᠵᠢ᠎ᠨᠢ ᠨᠢᠭᠡᠨᠲᠡ ᠠᠵᠢᠯ ᠡᠬᠢᠯᠡᠭᠦᠯᠵᠦ᠂ ᠵᠢᠱ᠌ᠢᠯᠲᠡ᠎ᠪᠠᠷ 2025 ᠣᠨ᠎ᠳᠤ 1 ᠵᠢ᠎ᠨᠢ ᠪᠠᠶ᠋ᠢᠭᠤᠯᠤᠨ ᠳᠠᠭᠤᠰᠬᠠᠵᠤ᠂ ᠦᠢ᠍ᠯᠡᠳᠪᠦᠷᠢᠯᠡᠬᠦ ᠴᠢᠳᠠᠮᠵᠢ᠎ᠨᠢ 150 ᠲᠦᠮᠡᠨ ᠲᠣᠨ / ᠵᠢᠯ ᠪᠤᠯᠤᠨ᠎ᠠ᠂ 2026 ᠣᠨ᠎ᠳᠤ 5 ᠵᠢ᠎ᠨᠢ ᠪᠠᠶ᠋ᠢᠭᠤᠯᠤᠨ ᠳᠠᠭᠤᠰᠬᠠᠵᠤ᠂ ᠦᠢ᠍ᠯᠡᠳᠪᠦᠷᠢᠯᠡᠬᠦ ᠴᠢᠳᠠᠮᠵᠢ᠎ᠨᠢ 3600 ᠲᠦᠮᠡᠨ ᠲᠣᠨ / ᠵᠢᠯ ᠪᠤᠯᠤᠨ᠎ᠠ; 4 ᠵᠢ᠎ᠨᠢ ᠶᠠᠭ ᠠᠵᠢᠯ ᠡᠬᠢᠯᠡᠭᠦᠯᠬᠦ ᠤᠷᠢᠳᠠᠴᠢ ᠭᠠᠷᠳᠠᠮ ᠵᠶ᠋ᠠᠨ ᠭᠦᠢ᠍ᠴᠡᠳᠬᠡᠵᠦ ᠪᠤᠢ᠂ ᠦᠢ᠍ᠯᠡᠳᠪᠦᠷᠢᠯᠡᠬᠦ ᠴᠢᠳᠠᠮᠵᠢ᠎ᠨᠢ 2900 ᠲᠦᠮᠡᠨ ᠲᠣᠨ / ᠵᠢᠯ ᠪᠤᠯᠤᠨ᠎ᠠ᠃ (ᠡᠨᠧᠷᠭᠢ ᠵᠢᠨ ᠲᠣᠪᠴᠢᠶ᠎ᠠ)
  


 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ