ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ
ᠨᠡᠶ᠋ᠢᠲᠡᠯᠡᠭᠰᠡᠨ ᠴᠠᠭ᠄ 2024-12-02
ᠣᠶ᠋ᠢᠷ᠎ᠠ᠎ᠳᠤ᠂ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ 《ᠠᠰᠢᠭ᠎ᠲᠤ ᠪᠠᠺᠲ᠋ᠧᠷᠢ ᠵᠢ ᠬᠠᠷᠠᠯᠲᠠ᠎ᠲᠠᠢ ᠰᠢᠭᠰᠢᠨ ᠰᠣᠩᠭᠤᠬᠤ ᠪᠠ ᠬᠡᠪ᠎ᠤᠨ ᠳᠤᠯᠠᠭ᠋ᠠᠨ ᠵᠶ᠋ᠠᠷ ᠬᠤᠮᠬᠢᠨ ᠲᠣᠭᠲᠠᠪᠤᠷᠢᠵᠢᠭᠤᠯᠬᠤ ᠵᠠᠩᠭᠢᠯᠠᠭ᠎ᠠ ᠵᠢᠨ ᠮᠡᠷᠭᠡᠵᠢᠯ》 ᠵᠶ᠋ᠠᠷ ᠵᠶ᠋ᠠᠨ ᠳᠤᠮᠳᠠᠳᠤ ᠤᠯᠤᠰ᠎ᠤᠨ ᠢᠳᠡᠭᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠮᠡᠷᠭᠡᠵᠢᠯ᠎ᠤᠨ ᠡᠭᠦᠳᠦᠯᠲᠡ ᠵᠢᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ᠃ ᠲᠣᠰ ᠲᠥᠪ᠎ᠨᠢ ᠠᠵᠤ ᠦᠢ᠍ᠯᠡᠰ ᠰᠤᠷᠭ᠋ᠠᠭᠤᠯᠢ ᠰᠤᠳᠤᠯᠭ᠋ᠠᠨ᠎ᠤ ᠪᠠᠶ᠋ᠢᠭᠤᠯᠤᠮᠵᠢ ᠵᠢᠨ ᠬᠠᠮᠲᠤᠷᠠᠯᠴᠠᠭ᠎ᠠ᠎ᠪᠠᠷ ᠳᠠᠮᠵᠢᠭᠤᠯᠤᠨ᠂ ᠠᠰᠢᠭ᠎ᠲᠤ ᠪᠠᠺᠲ᠋ᠧᠷᠢ ᠵᠢᠨ ᠬᠡᠪ᠎ᠤᠨ ᠳᠤᠯᠠᠭ᠋ᠠᠨ᠎ᠤ ᠡᠭᠡᠳᠡᠭᠰᠡᠨ ᠰᠦ᠂ ᠰᠦ᠎ᠲᠠᠢ ᠤᠮᠳᠠᠭ᠋ᠠᠨ ᠵᠡᠷᠭᠡ ᠳᠣᠤᠷ᠎ᠠ pH ᠬᠡᠮᠵᠢᠭᠳᠡᠯ᠂ ᠥᠨᠳᠥᠷ ᠤᠰᠤᠨ ᠢᠳᠡᠪᠬᠢᠲᠠᠢ ᠬᠡᠪ᠎ᠤᠨ ᠳᠤᠯᠠᠭ᠋ᠠᠨ᠎ᠤ ᠪᠦᠲᠦᠭᠡᠭᠳᠡᠬᠦᠨ᠎ᠤ ᠳᠤᠮᠳᠠ ᠢᠳᠡᠪᠬᠢ ᠦᠭᠡᠢ ᠪᠣᠯᠬᠤ ᠬᠦᠴᠢᠷ ᠠᠰᠠᠭᠤᠳᠠᠯ᠎ᠢ ᠰᠢᠪᠳᠤᠯᠵᠤ᠂ ᠣᠯᠠᠨ ᠤᠯᠤᠰ᠎ᠤᠨ ᠲᠡᠷᠢᠭᠦᠨ᠎ᠤ ᠬᠡᠪ᠎ᠤᠨ ᠳᠤᠯᠠᠭ᠋ᠠᠨ᠎ᠤ ᠠᠮᠢᠳᠤ ᠪᠠᠺᠲ᠋ᠧᠷᠢ ᠵᠢᠨ ᠬᠤᠮᠬᠢᠬᠤ ᠮᠡᠷᠭᠡᠵᠢᠯ᠎ᠢ ᠰᠤᠳᠤᠯᠤᠨ ᠨᠡᠭᠡᠭᠡᠭᠰᠡᠨ᠎ᠤ ᠬᠠᠮᠲᠤ᠂ ᠥᠨᠳᠥᠷ ᠢᠳᠡᠪᠬᠢ ᠴᠢᠨᠠᠷᠲᠠᠢ ᠠᠰᠢᠭ᠎ᠲᠤ ᠪᠠᠺᠲ᠋ᠧᠷᠢ ᠵᠢᠨ ᠪᠦᠲᠦᠭᠡᠭᠳᠡᠬᠦᠨ᠎ᠢ ᠭᠠᠷᠭ᠋ᠠᠪᠠ᠃ ᠣᠶ᠋ᠢᠷ᠎ᠠ ᠵᠢᠨ 3 ᠵᠢᠯ᠎ᠤᠨ ᠲᠤᠷᠰᠢ᠂ ᠬᠠᠮᠢᠶ᠎ᠠ ᠪᠥᠬᠦᠶ ᠮᠡᠷᠭᠡᠵᠢᠯ᠎ᠤᠨ ᠦᠷ᠎ᠡ ᠪᠦᠲᠦᠭᠡᠯ᠎ᠢ ᠢᠯᠢ᠂ ᠣᠣ ᠶᠢᠦ᠂ ᠵᠢᠨᠴᠢᠶᠤᠤ ᠵᠡᠷᠭᠡ ᠠᠵᠤ ᠠᠬᠤᠶ᠋ᠢᠯᠠᠯ ᠤᠯᠠᠷᠢᠭᠤᠯᠤᠨ ᠬᠡᠷᠡᠭᠯᠡᠵᠦ᠂ ᠠᠵᠤ ᠠᠬᠤᠶ ᠵᠢᠨ ᠦᠷ᠎ᠡ ᠠᠰᠢᠭ᠎ᠢ ᠨᠡᠶ᠋ᠢᠲᠡ 48 ᠳ᠋ᠦᠩᠰᠢᠭᠤᠷ ᠲᠥᠭᠦᠷᠢᠭ ᠪᠣᠶ ᠪᠣᠯᠭ᠋ᠠᠪᠠ᠃ (ᠬᠥᠬᠡᠬᠤᠲᠠ ᠵᠢᠨ ᠵᠠᠰᠠᠭ᠎ᠤᠨ ᠣᠷᠳᠣᠨ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ