ᠪᠦᠬᠦ ᠣᠷᠣᠨ᠎ᠤ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠤᠷᠤᠭᠰᠢᠲᠠᠢ ᠶᠠᠪᠤᠭᠳᠠᠵᠤ ᠪᠠᠶ᠋ᠢᠨ᠎ᠠ
ᠨᠡᠶ᠋ᠢᠲᠡᠯᠡᠭᠰᠡᠨ ᠴᠠᠭ᠄ 2024-12-02
2024 ᠣᠨ᠎ᠳᠤ ᠪᠥᠬᠦ ᠣᠷᠣᠨ᠎ᠳᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠨᠢ 5000 ᠲᠦᠮᠡᠨ ᠲᠥᠭᠦᠷᠢᠭ᠎ᠠᠴᠠ ᠳᠡᠭᠡᠭᠰᠢ᠂ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ᠎ᠨᠢ ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ 3130 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ᠎ᠨᠢ 3.35 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂ ᠵᠢᠯ᠎ᠳᠤ 9050 ᠳ᠋ᠦᠩᠰᠢᠭᠤᠷ ᠲᠥᠭᠦᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ᠃ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠨᠢᠭᠡᠨᠲᠡ 3126 ᠲᠥᠷᠥᠯ ᠵᠦᠢ᠍ᠯ᠎ᠢ ᠠᠵᠢᠯ ᠡᠬᠢᠯᠡᠭᠦᠯᠦᠨ ᠰᠡᠷᠭᠦᠭᠡᠵᠦ᠂ ᠠᠵᠢᠯ ᠵᠶ᠋ᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ 99.9%᠎ᠳᠤ ᠬᠦᠷᠴᠦ᠂ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ 8247 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠯᠡᠭᠡ ᠵᠢᠨ ᠵᠶ᠋ᠠᠨ 91% ᠵᠢ ᠪᠡᠶᠡᠯᠡᠭᠦᠯᠵᠦ᠂ ᠵᠢᠱ᠌ᠢᠯᠲᠡ᠎ᠪᠠᠷ ᠵᠢᠯ᠎ᠤᠨ ᠡᠴᠦᠰ᠎ᠲᠤ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠦᠨ᠎ᠡ᠃ (ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ