ᠰᠣᠨᠢᠨ ᠮᠡᠳᠡᠭᠡ   -   ᠲᠤᠰᠬᠠᠢ ᠮᠡᠳᠡᠭᠡᠯᠡᠯ

1 — 10 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠲᠦᠭᠦᠬᠡᠶ ᠨᠡᠭᠦᠷᠡᠰᠦᠨ᠎ᠤ ᠭᠠᠷᠤᠯᠲᠠ ᠪᠦᠬᠦ ᠤᠯᠤᠰ᠎ᠤᠨ ᠲᠡᠷᠢᠭᠦᠨ᠎ᠳᠤ ᠣᠷᠣᠪᠠ

ᠨᠡᠶ᠋ᠢᠲᠡᠯᠡᠭᠰᠡᠨ ᠴᠠᠭ᠄   2024-12-02

      1 — 10 ᠳ᠋ᠤᠭ᠋ᠠᠷ ᠰᠠᠷ᠎ᠠ᠎ᠳᠤ᠂ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠦᠭᠦᠬᠡᠶ ᠨᠡᠭᠦᠷᠡᠰᠦᠨ᠎ᠤ ᠭᠠᠷᠤᠯᠲᠠ 10.61 ᠳ᠋ᠦᠩᠰᠢᠭᠤᠷ ᠲᠣᠨ᠎ᠳᠤ ᠬᠦᠷᠴᠦ᠂ ᠶᠡᠷᠦᠩᠬᠡᠶ ᠬᠡᠮᠵᠢᠶ᠎ᠡ᠎ᠨᠢ ᠪᠥᠬᠦ ᠤᠯᠤᠰ᠎ᠤᠨ ᠨᠢᠭᠡᠳᠦᠭᠡᠷ᠎ᠲᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4. 9%᠎ᠪᠠᠷ ᠨᠡᠮᠡᠭᠳᠡᠪᠡ᠂ ᠡᠭᠦᠨ᠎ᠳᠤ 10 ᠳ᠋ᠤᠭ᠋ᠠᠷ ᠰᠠᠷ᠎ᠠ᠎ᠳᠤ ᠲᠦᠭᠦᠬᠡᠶ ᠨᠡᠭᠦᠷᠡᠰᠦᠨ᠎ᠤ ᠭᠠᠷᠤᠯᠲᠠ 1.12 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.5%᠎ᠪᠠᠷ ᠨᠡᠮᠡᠭᠳᠡᠪᠡ᠃ ᠣᠷᠣᠨ᠎ᠤ ᠳᠤᠲᠤᠭ᠋ᠠᠳᠤᠬᠢ ᠲᠦᠭᠦᠬᠡᠶ ᠨᠡᠭᠦᠷᠡᠰᠦᠨ᠎ᠤ ᠭᠤᠷᠪᠠᠨ ᠲᠣᠮᠣ ᠭᠤᠤᠯ ᠭᠠᠷᠤᠯᠲᠠ ᠵᠢᠨ ᠣᠷᠣᠨ᠎ᠤ ᠳᠤᠲᠤᠷ᠎ᠠ᠂ ᠣᠷᠳᠣᠰ ᠬᠤᠲᠠ ᠵᠢᠨ ᠳᠠᠶ᠋ᠢᠴᠢᠯᠠᠭᠰᠠᠨ ᠦᠢ᠍ᠯᠡᠳᠦᠯ᠎ᠨᠢ ᠢᠯᠡᠷᠬᠡᠶ ᠪᠠᠶ᠋ᠢᠵᠤ᠂ ᠲᠦᠭᠦᠬᠡᠶ ᠨᠡᠭᠦᠷᠡᠰᠦᠨ᠎ᠤ ᠭᠠᠷᠤᠯᠲᠠ 7.29 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠵᠦ᠂ ᠪᠥᠬᠦ ᠣᠷᠣᠨ᠎ᠤ ᠲᠦᠭᠦᠬᠡᠶ ᠨᠡᠭᠦᠷᠡᠰᠦᠨ᠎ᠤ ᠭᠠᠷᠤᠯᠲᠠ ᠵᠢᠨ 68.7% ᠵᠢ ᠡᠵᠡᠯᠡᠵᠦ᠂ ᠪᠥᠬᠦ ᠣᠷᠣᠨ᠎ᠤ ᠲᠦᠭᠦᠬᠡᠶ ᠨᠡᠭᠦᠷᠡᠰᠦᠨ᠎ᠤ ᠭᠠᠷᠤᠯᠲᠠ ᠵᠢᠨ ᠨᠡᠮᠡᠭᠳᠡᠯ᠎ᠢ 3.9 ᠵᠠᠭᠤᠨ᠎ᠤ ᠴᠡᠭ ᠵᠶ᠋ᠠᠷ ᠳᠠᠶ᠋ᠢᠴᠢᠯᠠᠪᠠ; ᠰᠢᠯᠢ ᠵᠢᠨ ᠭᠤᠤᠯ ᠠᠶ᠋ᠢᠮᠠᠭ᠎ᠤᠨ ᠲᠦᠭᠦᠬᠡᠶ ᠨᠡᠭᠦᠷᠡᠰᠦᠨ᠎ᠤ ᠭᠠᠷᠤᠯᠲᠠ 1.2 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.7%᠎ᠪᠠᠷ ᠨᠡᠮᠡᠭᠳᠡᠵᠦ᠂ ᠪᠥᠬᠦ ᠣᠷᠣᠨ᠎ᠤ ᠲᠦᠭᠦᠬᠡᠶ ᠨᠡᠭᠦᠷᠡᠰᠦᠨ᠎ᠤ ᠭᠠᠷᠤᠯᠲᠠ ᠵᠢᠨ ᠨᠡᠮᠡᠭᠳᠡᠯ᠎ᠢ 0.9 ᠵᠠᠭᠤᠨ᠎ᠤ ᠴᠡᠭ ᠵᠶ᠋ᠠᠷ ᠳᠠᠶ᠋ᠢᠴᠢᠯᠠᠪᠠ; ᠬᠥᠯᠥᠨ ᠪᠤᠶ᠋ᠢᠷ ᠬᠤᠲᠠ ᠵᠢᠨ ᠲᠦᠭᠦᠬᠡᠶ ᠨᠡᠭᠦᠷᠡᠰᠦᠨ᠎ᠤ ᠭᠠᠷᠤᠯᠲᠠ 3. 4%᠎ᠪᠠᠷ ᠪᠠᠭᠤᠷᠠᠪᠠ᠂ ᠪᠠᠭᠤᠷᠠᠯᠲᠠ ᠵᠢᠨ ᠬᠡᠮᠵᠢᠶ᠎ᠡ᠎ᠨᠢ 1 — 9 ᠳ᠋ᠦ᠍ᠭᠡᠷ ᠰᠠᠷ᠎ᠠ ᠵᠢᠨ᠎ᠬᠢ᠎ᠠᠴᠠ 0.3 ᠵᠠᠭᠤᠨ᠎ᠤ ᠴᠡᠭ ᠵᠶ᠋ᠠᠷ ᠪᠠᠭ᠋ᠠᠰᠪᠠ᠃ (ᠲᠤᠭ᠎ᠠ ᠪᠦᠷᠢᠳᠭᠡᠯ᠎ᠤᠨ ᠲᠣᠪᠴᠢᠶ᠎ᠠ)
   


 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ