ᠰᠣᠨᠢᠨ ᠮᠡᠳᠡᠭᠡ   -   ᠲᠤᠰᠬᠠᠢ ᠮᠡᠳᠡᠭᠡᠯᠡᠯ

ᠪᠠᠶᠠᠨᠨᠠᠭᠤᠷ ᠬᠤᠲᠠ ᠵᠢᠨ᠎ᠬᠢᠨ ᠲᠤᠬᠠᠶ ᠵᠢᠨ ᠭᠠᠵᠠᠷ᠎ᠠᠴᠠ᠎ᠪᠠᠨ ᠮᠠᠲ᠋ᠧᠷᠢᠶᠠᠯ ᠠᠪᠴᠤ ᠪᠤᠭᠤᠳᠠᠶ ᠵᠢᠨ ᠰᠦᠷᠡᠯ ᠵᠶ᠋ᠠᠷ ᠡᠯᠡᠰᠦ ᠵᠢ ᠳᠠᠷᠤᠵᠤ ᠥᠪᠡᠷ᠎ᠤᠨ ᠥᠷᠲᠡᠭ ᠵᠶ᠋ᠠᠨ ᠠᠷᠪᠢᠯᠠᠨ ᠦᠷ᠎ᠡ ᠠᠰᠢᠭ᠎ᠢ᠎ᠨᠢ ᠨᠡᠮᠡᠭᠳᠡᠭᠦᠯᠬᠦ ᠰᠢᠨ᠎ᠡ ᠬᠡᠪ ᠵᠠᠭᠪᠤᠷ᠎ᠢ ᠰᠦᠪᠡᠭᠴᠢᠯᠡᠨ ᠭᠠᠷᠭ᠋ᠠᠪᠠ

ᠨᠡᠶ᠋ᠢᠲᠡᠯᠡᠭᠰᠡᠨ ᠴᠠᠭ᠄   2024-11-25

      ᠪᠠᠶᠠᠨᠨᠠᠭᠤᠷ ᠬᠤᠲᠠ ᠵᠢᠨ᠎ᠬᠢᠨ ᠲᠤᠬᠠᠢ ᠵᠢᠨ ᠭᠠᠵᠠᠷ᠎ᠠᠴᠠ᠎ᠪᠠᠨ ᠮᠠᠲ᠋ᠧᠷᠢᠶᠠᠯ ᠠᠪᠴᠤ᠂ ᠪᠤᠭᠤᠳᠠᠢ ᠵᠢᠨ ᠰᠦᠷᠡᠯ ᠵᠶ᠋ᠠᠷ ᠡᠯᠡᠰᠦ ᠵᠢ ᠳᠠᠷᠤᠵᠤ ᠦᠪᠡᠷ᠎ᠤᠨ ᠦᠷᠳᠡᠭ ᠵᠶ᠋ᠠᠨ ᠠᠷᠪᠢᠯᠠᠨ ᠦᠷ᠎ᠡ ᠠᠰᠢᠭ᠎ᠢ᠎ᠨᠢ ᠨᠡᠮᠡᠭᠳᠡᠭᠦᠯᠬᠦ ᠰᠢᠨ᠎ᠡ ᠬᠡᠪ ᠵᠠᠭᠪᠤᠷ᠎ᠢ ᠰᠦᠪᠡᠭᠴᠢᠯᠡᠨ ᠭᠠᠷᠭ᠋ᠠᠪᠠ᠃ 《ᠦᠪᠦᠷ ᠮᠣᠩᠭᠤᠯ ᠮᠠᠲ᠋ᠧᠷᠢᠶᠠᠯ ᠵᠶ᠋ᠠᠨ ᠥᠪᠥᠷ ᠮᠣᠩᠭᠤᠯ᠎ᠳᠤ᠎ᠪᠠᠨ ᠬᠡᠷᠡᠭᠯᠡᠬᠦ》 ᠠᠵᠢᠯ᠎ᠤᠨ ᠰᠡᠳᠬᠢᠮᠵᠢ ᠶᠣᠰᠣᠭ᠋ᠠᠷ᠂ ᠠᠳᠠᠯᠢ ᠪᠤᠰᠤ ᠭᠠᠵᠠᠷ ᠣᠷᠣᠨ᠎ᠤ ᠨᠥᠬᠦᠴᠡᠯ᠎ᠳᠠᠬᠢ ᠡᠯᠡᠰᠦᠨ ᠬᠠᠯᠬᠠᠪᠴᠢ ᠵᠢᠨ ᠥᠪᠡᠷ᠎ᠤᠨ ᠥᠷᠲᠡᠭ᠂ ᠡᠯᠡᠰᠦ ᠵᠢ ᠲᠤᠭᠲᠠᠪᠤᠷᠢᠵᠢᠭᠤᠯᠤᠭᠰᠠᠨ ᠦᠷ᠎ᠡ ᠨᠦᠯᠦᠭᠡ᠂ ᠴᠢᠬᠢ ᠮᠤᠳᠤ ᠵᠢ ᠪᠤᠶ᠋ᠢᠵᠢᠭᠤᠯᠤᠨ ᠤᠷᠭᠤᠭᠤᠯᠬᠤ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠬᠠᠷᠢᠴᠠᠭᠤᠯᠵᠤ᠂ ᠳᠤᠳᠤᠷᠭ᠎ᠠ ᠵᠢᠨ ᠰᠦᠷᠡᠯ᠎ᠤᠨ ᠤᠨᠴᠠᠯᠢᠭ᠎ᠲᠠᠢ ᠠᠳᠠᠯᠢᠪᠳᠤᠷ ᠪᠠᠶ᠋ᠢᠬᠤ ᠲᠤᠰ ᠭᠠᠵᠠᠷ᠎ᠤᠨ ᠪᠤᠭᠤᠲᠠᠢ ᠵᠢᠨ ᠰᠦᠷᠡᠯ᠎ᠢ ᠰᠤᠩᠭᠤᠨ ᠬᠡᠷᠡᠭᠯᠡᠵᠦ ᠳᠦᠷᠪᠡᠯᠵᠢᠭᠡᠰᠦ ᠬᠡᠯᠪᠡᠷᠢ ᠪᠦᠬᠦᠢ ᠡᠪᠡᠰᠦ᠎ᠪᠠᠷ ᠬᠦᠷᠢᠶᠡᠯᠡᠭᠰᠡᠨ ᠡᠯᠡᠰᠦ ᠵᠢ ᠳᠠᠷᠤᠬᠤ ᠲᠣᠷᠰᠢᠯᠲᠠ ᠵᠢ ᠦᠷᠨᠢᠭᠦᠯᠪᠡ᠃ ᠲᠤᠷᠰᠢᠯᠲᠠ ᠬᠢᠭᠰᠡᠨ᠎ᠠᠴᠠ ᠦᠵᠡᠪᠡᠯ᠂ ᠪᠤᠭᠤᠳᠠᠢ ᠵᠢᠨ ᠰᠦᠷᠡᠯ᠎ᠢ ᠳᠤᠲᠤᠷᠭ᠎ᠠ ᠵᠢᠨ ᠰᠦᠷᠡᠯ᠎ᠯᠦᠭᠡ ᠬᠠᠷᠢᠴᠠᠭᠤᠯᠪᠠᠯ ᠮᠦ᠍ ᠪᠦᠷᠢ᠎ᠳᠤ 105 ᠲᠦᠭᠦᠷᠢᠭ᠎ᠤᠨ ᠦᠪᠡᠷ᠎ᠤᠨ ᠦᠷᠳᠡᠭ᠎ᠢ ᠪᠠᠭ᠋ᠠᠰᠬᠠᠵᠤ ᠳᠡᠶ᠋ᠢᠯᠦᠨ᠎ᠡ᠃ ᠪᠤᠭᠤᠳᠠᠶ ᠵᠢᠨ ᠰᠦᠷᠡᠯ ᠵᠶ᠋ᠠᠷ ᠡᠯᠡᠰᠦ ᠵᠢ ᠳᠠᠷᠤᠬᠤ ᠲᠤᠷᠰᠢᠯᠲᠠ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠪᠣᠯᠤᠮᠵᠢᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠤᠷᠠᠳ᠎ᠤᠨ ᠬᠤᠶ᠋ᠢᠲᠤ ᠬᠤᠰᠢᠭᠤᠨ᠎ᠳᠤ ᠦᠮᠴᠢᠯᠡᠭᠳᠡᠬᠦ ᠤᠯᠤᠰ᠎ᠤᠨ ᠦᠮᠴᠢᠯᠡᠯ᠎ᠤᠨ ᠠᠵᠤ ᠠᠬᠤᠶ᠋ᠢᠯᠠᠯ᠎ᠨᠢ ᠲᠠᠷᠢᠶᠠᠴᠢᠨ ᠡᠷᠦᠬᠡ᠎ᠨᠦᠭᠦᠳ᠎ᠯᠦᠭᠡ 5000 ᠮᠦ᠍ ᠪᠤᠭᠤᠳᠠᠶ ᠵᠢᠨ ᠰᠦᠷᠡᠯ᠎ᠤᠨ ᠵᠠᠬᠢᠶᠠᠯᠠᠭ᠎ᠠ ᠲᠣᠭᠲᠠᠵᠤ᠂ 800 ᠲᠣᠨ ᠪᠤᠭᠤᠳᠠᠶ ᠵᠢᠨ ᠰᠦᠷᠡᠯ ᠬᠤᠳᠠᠯᠳᠤᠨ ᠠᠪᠴᠤ᠂ ᠪᠦᠬᠦᠨ᠎ᠢ ᠰᠢ ᠪᠦ᠋ ᠯᠦᠩ ᠣᠶ ᠰᠢᠭᠤᠶ ᠵᠢᠨ ᠲᠠᠯᠠᠪᠠᠶ ᠵᠢᠨ ᠢᠨᠵᠧᠨᠧᠷᠢᠩ᠎ᠤᠨ ᠡᠯᠡᠰᠦ ᠳᠠᠷᠤᠬᠤ᠎ᠳᠤ ᠬᠡᠷᠡᠭᠯᠡᠪᠡ᠃ ᠵᠠᠬᠢᠶᠠᠯᠠᠭ᠎ᠠ ᠲᠤᠭᠲᠠᠬᠤ ᠮᠠᠶᠢᠭ ᠵᠶ᠋ᠠᠷ ᠪᠤᠭᠤᠳᠠᠢ ᠵᠢᠨ ᠰᠦᠷᠡᠯ᠎ᠢ ᠬᠤᠳᠠᠯᠳᠤᠨ ᠠᠪᠬᠤ᠎ᠪᠠᠷ ᠳᠠᠮᠵᠢᠭᠤᠯᠤᠨ᠂ ᠲᠠᠷᠢᠶᠠᠴᠢᠳ᠎ᠤᠨ ᠪᠤᠭᠤᠳᠠᠢ ᠵᠢᠨ ᠲᠠᠷᠢᠮᠠᠯ᠎ᠤᠨ ᠣᠷᠣᠯᠭ᠎ᠠ ᠵᠢ 4 ᠲᠠᠯ᠎ᠠ ᠵᠢᠨ ᠣᠷᠣᠯᠭ᠎ᠠ ᠪᠣᠯᠭ᠋ᠠᠨ ᠨᠡᠮᠡᠭᠳᠡᠭᠦᠯᠪᠡ᠂ ᠲᠤᠬᠠᠶ᠋ᠢᠯᠠᠪᠠᠯ ᠠᠮᠤ ᠪᠤᠳᠠᠭ᠋ᠠᠨ᠎ᠤ ᠨᠥᠬᠦᠪᠦᠷᠢ ᠵᠢᠨ ᠣᠷᠣᠯᠭ᠎ᠠ + ᠪᠤᠭᠤᠳᠠᠢ ᠪᠤᠷᠤᠯᠠᠭᠤᠯᠤᠭᠰᠠᠨ ᠤᠷᠤᠯᠭ᠎ᠠ + ᠪᠤᠭᠤᠳᠠᠢ ᠬᠤᠷᠢᠶᠠᠭᠰᠠᠨ᠎ᠤ ᠳᠠᠷᠠᠭ᠋ᠠᠬᠢ ᠳᠠᠬᠢᠵᠤ ᠲᠠᠷᠢᠭᠰᠠᠨ ᠣᠷᠣᠯᠭ᠎ᠠ + ᠪᠤᠭᠤᠳᠠᠢ ᠵᠢᠨ ᠰᠦᠷᠡᠯ᠎ᠤᠨ ᠵᠠᠬᠢᠶᠠᠯᠠᠭ᠎ᠠ ᠵᠢᠨ ᠣᠷᠣᠯᠭ᠎ᠠ ᠪᠠᠭᠲᠠᠵᠤ ᠪᠤᠢ᠂ ᠵᠢᠱ᠌ᠢᠯᠲᠠ᠎ᠪᠠᠷ ᠡᠨᠡ ᠵᠢᠯ᠎ᠤᠨ ᠵᠠᠬ᠎ᠠ ᠳᠡᠯᠭᠡᠭᠦᠷ᠎ᠤᠨ ᠦᠨ᠎ᠡ᠎ᠪᠠᠷ ᠲᠠᠷᠢᠶᠠᠴᠢᠳ᠎ᠤᠨ ᠪᠤᠭᠤᠳᠠᠢ ᠲᠠᠷᠢᠭᠰᠠᠨ ᠤᠷᠤᠯᠭ᠎ᠠ ᠵᠢ ᠮᠦ᠍ ᠪᠦᠷᠢ᠎ᠳᠤ 150 ᠲᠥᠭᠦᠷᠢᠭ ᠨᠡᠮᠡᠭᠳᠡᠭᠦᠯᠬᠦ ᠪᠤᠯᠤᠨ᠎ᠠ᠃ (ᠪᠠᠶᠠᠨᠨᠠᠭᠤᠷ ᠬᠤᠲᠠ ᠵᠢᠨ ᠵᠠᠰᠠᠭ᠎ᠤᠨ ᠤᠷᠳᠤᠨ)
   


 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ