ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ᠎ᠬᠢᠨ ᠬᠠᠲᠤᠨ ᠭᠤᠣᠯ ᠳᠠᠭ᠋ᠠᠤ ᠵᠢᠨ 10 ᠮᠤᠵᠢ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠯᠦᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
ᠨᠡᠶ᠋ᠢᠲᠡᠯᠡᠭᠰᠡᠨ ᠴᠠᠭ᠄ 2024-11-27
11 ᠳ᠋ᠦ᠍ᠭᠡᠷ ᠰᠠᠷ᠎ᠠ ᠵᠢᠨ 10᠎ᠤ ᠡᠳᠦᠷ᠂ ᠬᠠᠳᠤᠨ ᠭᠤᠣᠯ᠎ᠤᠨ ᠰᠠᠪᠠ ᠭᠠᠵᠠᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠵᠢᠯᠴᠠᠭ᠋ᠠᠨ᠎ᠤ ᠶᠡᠭᠡ ᠬᠤᠷᠠᠯ ᠳᠡᠭᠡᠷ᠎ᠡ᠂ 10 ᠮᠤᠵᠢ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ᠎ᠬᠢᠨ᠎ᠲᠠᠢ ᠬᠠᠮᠲᠤ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠭᠰᠠᠨ ᠪᠠᠶ᠋ᠢᠨ᠎ᠠ᠃ ᠵᠥᠪᠯᠡᠯᠴᠡᠭᠡᠷ᠎ᠢ ᠦᠨᠳᠦᠰᠦᠯᠡᠪᠡᠯ᠂ ᠡᠯ᠎ᠡ ᠮᠤᠵᠢ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠤᠨ᠎ᠬᠢᠨ᠎ᠨᠢ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠡᠷᠭᠡ 6 ᠲᠠᠯ᠎ᠠ ᠵᠢᠨ ᠲᠣᠭᠤᠷᠢᠨ᠎ᠳᠤ ᠬᠠᠮᠵᠢᠯᠴᠠᠨ ᠰᠢᠨ᠎ᠡ ᠵᠢ ᠡᠭᠦᠳᠬᠦ᠎ᠪᠠᠨ ᠴᠢᠩᠭ᠋ᠠᠷᠠᠭᠤᠯᠵᠤ᠂ ᠰᠢᠨ᠎ᠡ ᠵᠢ ᠡᠭᠦᠳᠦᠭᠰᠡᠨ ᠡᠬᠢ ᠪᠠᠶᠠᠯᠢᠭ ᠵᠶ᠋ᠠᠨ ᠬᠤᠷᠠᠮᠳᠤᠭᠤᠯᠤᠨ ᠬᠠᠮᠲᠤ᠎ᠪᠠᠷ ᠬᠦᠷᠲᠡᠬᠦ ᠵᠢ ᠠᠬᠢᠭᠤᠯᠵᠤ᠂ ᠬᠠᠮᠵᠢᠯᠴᠠᠵᠤ ᠪᠠᠶ᠋ᠢᠭ᠋ᠠᠳ ᠪᠣᠭᠤᠮᠲᠠ ᠰᠢᠪᠲᠤᠯᠬᠤ ᠨᠢᠭᠡ ᠪᠦᠯᠦᠭ ᠲᠦᠷᠦᠯ ᠵᠦᠢ᠍ᠯ᠎ᠢ ᠲᠦᠷᠭᠡᠳᠬᠡᠨ ᠬᠡᠷᠡᠭᠵᠢᠭᠦᠯᠵᠦ᠂ ᠰᠢᠨ᠎ᠡ ᠵᠢ ᠡᠭᠦᠳᠦᠭᠰᠡᠨ ᠨᠢᠭᠡ ᠪᠦᠯᠦᠭ ᠴᠢᠬᠤᠯᠠ ᠶᠡᠭᠡ ᠦᠷ᠎ᠡ ᠪᠦᠲᠦᠭᠡᠯ᠎ᠢ ᠪᠤᠢ ᠪᠣᠯᠭ᠋ᠠᠨ᠎ᠠ᠃ ᠬᠤᠷᠠᠯ ᠳᠡᠭᠡᠷ᠎ᠡ᠂ ᠮᠠᠨ᠎ᠤ ᠣᠷᠣᠨ᠎ᠤ ᠲᠠᠨᠢᠯᠴᠠᠭᠤᠯᠤᠭᠰᠠᠨ ᠰᠠᠶ᠋ᠢᠨ ᠡᠭᠦᠯᠳᠡᠷ᠎ᠤᠨ ᠰᠠᠭ᠋ᠠᠯᠢ ᠵᠢᠨ ᠢᠮᠠᠭ᠋ᠠᠨ᠎ᠤ ᠪᠥᠬᠦ ᠭᠧᠨ᠎ᠤ ᠵᠢᠭᠰᠠᠯ᠎ᠤᠨ ᠥᠨᠳᠥᠷ ᠪᠦᠲᠦᠮᠵᠢᠲᠡᠶ᠎ᠪᠠᠷ ᠰᠣᠩᠭᠤᠨ ᠪᠣᠶ᠋ᠢᠵᠢᠭᠤᠯᠬᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠵᠡᠷᠭᠡ ᠭᠤᠣᠯᠳᠠᠯᠭ᠎ᠠ ᠪᠣᠯᠬᠤ 5 ᠲᠥᠷᠥᠯ ᠵᠦᠢ᠍ᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠶᠡᠷᠦᠩᠬᠡᠢ ᠵᠣᠭᠤᠰᠤᠨ᠎ᠤ ᠲᠤᠭ᠎ᠠ᠎ᠨᠢ 760 ᠲᠦᠮᠡᠨ ᠲᠥᠭᠦᠷᠢᠭ᠎ᠲᠤ ᠬᠦᠷᠪᠡ᠄ ᠰᠢᠨ᠎ᠡ ᠡᠨᠧᠷᠭᠢ᠂ ᠠᠮᠢᠳᠤ ᠪᠣᠳᠠᠰ ᠡᠮ ᠡᠮᠨᠡᠯᠭᠡ ᠵᠡᠷᠭᠡ ᠭᠤᠣᠯᠳᠠᠯᠭ᠎ᠠ ᠪᠣᠯᠬᠤ 8 ᠬᠦᠷᠢᠶᠡᠨ᠎ᠤ 12 ᠵᠦᠢ᠍ᠯ᠎ᠳᠤ 《ᠵᠠᠷᠯᠠᠯ ᠨᠡᠶ᠋ᠢᠲᠡᠯᠡᠵᠦ ᠬᠤᠰᠢᠭᠤᠷᠠᠨ ᠠᠵᠢᠯᠯᠠᠬᠤ》 ᠴᠢᠬᠤᠯᠠ ᠶᠡᠭᠡ ᠠᠵᠤ ᠦᠢ᠍ᠯᠡᠰ᠎ᠤᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠡᠶ᠋ᠢᠲᠡᠯᠡᠪᠡ᠃ (ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ)
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ